ᠮᠠᠨ ᠤ ᠬᠤᠰᠢᠭᠤᠨ ᠤ ᠮᠤᠩᠭᠤᠯ ᠭᠡᠷ ᠤᠷᠠᠯᠠᠨ  ᠪᠦᠲᠦᠭᠡᠬᠦ ᠤᠷ᠎ᠠ ᠮᠡᠷᠭᠡᠵᠢᠯ ᠤᠨ ᠵᠠᠯᠭᠠᠮᠵᠢᠯᠠᠭᠴᠢ ᠪᠠᠨ ᠹᠧᠩ ᠪᠢᠨ ᠵᠢᠷᠭᠤᠳᠤᠭᠠᠷ ᠪᠦᠯᠦᠭ ᠤᠯᠤᠰ ᠤᠨ ᠲᠠᠰ ᠤᠨ ᠪᠤᠳᠠᠰ ᠤᠨ ᠪᠤᠰᠤ ᠰᠤᠶᠤᠯ ᠤᠨ ᠦᠪ ᠤᠨ ᠵᠠᠯᠭᠠᠮᠵᠢᠯᠠᠭᠴᠢ ᠶᠢᠨ ᠨᠡᠷᠡᠰ ᠲᠤ ᠪᠦᠷᠢᠳᠭᠡᠬᠦᠯᠦᠯ᠎ᠡ
ᠨᠡᠶᠢᠲᠡᠯᠡᠭᠰᠡᠨ ᠴᠠᠭ᠄
2025/3/23
     ᠣᠶᠢᠷ᠎ᠠ ᠳᠤ᠂ ᠰᠣᠶᠣᠯ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ ᠵᠢᠷᠭᠤᠳᠤᠭᠠᠷ ᠪᠦᠯᠦᠭ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠨᠡᠶᠢᠳᠡ 942 ᠨᠡᠷᠡᠰ ᠨᠡᠶᠢᠳᠡᠯᠡᠭᠰᠡᠨ ᠤ ᠳᠤᠳᠤᠷ᠎ᠠ᠂ ᠮᠠᠨ ᠤ ᠬᠤᠰᠢᠭᠤᠨ ᠤ ᠮᠣᠩᠭᠤᠯ ᠭᠡᠷ ᠤᠷᠠᠯᠠᠨ ᠪᠦᠲᠦᠭᠡᠬᠦ ᠤᠷ᠎ᠠ ᠮᠡᠷᠭᠡᠰᠢᠯ ᠤᠨ ᠵᠠᠯᠭᠠᠮᠵᠢᠯᠠᠭᠴᠢ ᠪᠠᠨ ᠹᠧᠩ ᠪᠢᠨ ᠢᠷᠠᠭᠤ ᠠᠯᠳᠠᠷᠳᠠᠢ ᠪᠠᠷ ᠪᠦᠷᠢᠳᠭᠡᠬᠦᠯᠦᠯ᠎ᠡ᠃      ᠱᠤᠸᠠᠩ ᠯᠢ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠮᠠᠰᠢᠨ ᠮᠧᠬᠠᠨᠢᠭ ᠬᠦᠷᠴᠢᠭᠢᠨᠡᠵᠦ᠂ ᠡᠯᠧᠺᠲᠷᠣᠨ ᠰᠡᠶᠢᠯᠦᠮᠡᠯ ᠮᠠᠰᠢᠨ ᠢᠶᠠᠷ ᠬᠡ ᠤᠭᠠᠯᠵᠠ ᠰᠡᠶᠢᠯᠵᠦ᠂ ᠪᠤᠰᠤᠳ ᠦᠢᠯᠡᠳᠪᠦᠷᠢ ᠶᠢᠨ ᠳᠠᠰᠤᠭ ᠤᠨ ᠠᠵᠢᠯᠳᠠᠳ ᠴᠦ ᠪᠤᠳᠤᠵᠤ ᠰᠢᠷᠳᠡᠬᠦ᠂ ᠤᠭᠰᠠᠷᠠᠬᠤ ᠵᠡᠷᠭᠡ ᠠᠵᠢᠯ ᠳᠤ ᠶᠠᠭᠠᠷᠠᠯᠳᠤᠨ᠂ ᠱᠠᠨᠰᠢ ᠮᠤᠵᠢ ᠪᠣᠯᠤᠨ ᠠᠪᠠᠭ᠎ᠠ ᠬᠤᠰᠢᠭᠤᠨ ᠠᠴᠠ ᠢᠷᠡᠭᠰᠡᠨ ᠨᠢᠭᠡ ᠪᠦᠯᠦᠭ ᠮᠣᠩᠭᠤᠯ ᠭᠡᠷ ᠤᠨ ᠵᠠᠬᠢᠶᠠᠯᠠᠭ᠎ᠠ ᠶᠢ ᠳᠠᠭᠤᠰᠬᠠᠬᠤ ᠪᠠᠷ ᠴᠠᠭ ᠨᠡᠮᠡᠨ ᠠᠵᠢᠯᠯᠠᠵᠤ ᠪᠠᠶᠢᠯ᠎ᠠ᠃      ᠱᠤᠸᠠᠩ ᠯᠢ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠪᠠᠨ ᠹᠧᠩ ᠪᠢᠨ ᠪᠣᠯ ᠮᠣᠩᠭᠤᠯ ᠭᠡᠷ ᠤᠷᠠᠯᠠᠨ ᠪᠦᠲᠦᠭᠡᠬᠦ ᠤᠷ᠎ᠠ ᠮᠡᠷᠭᠡᠵᠢᠯ ᠤᠨ ᠲᠦᠷᠦᠯ ᠵᠦᠢᠯ ᠤᠨ ᠲᠥᠯᠥᠭᠡᠯᠡᠬᠦ ᠴᠢᠨᠠᠷᠲᠠᠢ ᠵᠠᠯᠭᠠᠮᠵᠢᠯᠠᠭᠴᠢ᠂ ᠪᠠᠨ ᠹᠧᠩ ᠪᠢᠨ ᠤ ᠬᠢᠨ ᠭᠡᠳᠦᠨ ᠦᠶ᠎ᠡ ᠪᠠᠷ ᠢᠶᠠᠨ ᠰᠦᠨᠢᠳ ᠎ ᠤᠨ ᠳᠠᠯ᠎ᠠ ᠨᠤᠳᠤᠭ ᠲᠤ ᠠᠵᠤ ᠲᠦᠷᠦᠨ᠂ ᠲᠡᠷᠡ ᠴᠦ ᠬᠠᠷᠠᠬᠠᠨ ᠪᠠᠭ᠎ᠠ ᠠᠴᠠ ᠪᠠᠨ ᠡᠴᠢᠭᠡ ᠶᠢᠨ ᠢᠶᠠᠨ ᠨᠥᠯᠥᠭᠡ ᠶᠢ ᠭᠥᠷᠳᠡᠵᠦ᠂ 18 ᠨᠠᠰᠤᠨ ᠠᠴᠠ ᠪᠠᠨ ᠮᠣᠩᠭᠤᠯ ᠭᠡᠷ ᠪᠦᠲᠦᠭᠡᠬᠦ ᠤᠷ᠎ᠠ ᠮᠡᠷᠭᠡᠵᠢᠯ ᠢ ᠰᠤᠷᠴᠤ ᠵᠠᠯᠭᠠᠮᠵᠢᠯᠠᠵᠠᠢ᠃ ᠪᠠᠨ ᠹᠧᠩ ᠪᠢᠨ᠂ ᠡᠴᠢᠭᠡ ᠶᠢᠨ ᠢᠶᠠᠨ ᠪᠠᠶᠢᠭᠤᠯᠤᠭᠰᠠᠨ ᠰᠠᠶᠢᠬᠠᠠᠠᠦ᠋ᠯᠵᠡᠢ ᠰᠤᠮᠤᠨ ᠤ ᠭᠠᠷ ᠦᠢᠯᠡᠳᠪᠦᠷᠢ ᠶᠢᠨ ᠬᠤᠷᠰᠢᠶᠠᠵᠢᠯ ᠢ 2012᠎ ᠳᠤ ᠵᠠᠯᠭᠠᠮᠵᠢᠯᠠᠨ ᠠᠪᠤᠭᠰᠠᠨ ᠤ ᠳᠠᠷᠠᠭ᠎ᠠ᠂ ᠰᠥᠨᠢᠳ ᠪᠠᠷᠠᠭᠤᠨ ᠬᠤᠰᠢᠭᠤᠨ ᠤ ᠱᠤᠸᠠᠩ ᠯᠢ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠶᠢ ᠪᠠᠶᠢᠭᠤᠯᠵᠤ᠂ ᠭᠤᠣᠯᠳᠠᠭᠤ ᠤᠯᠠᠮᠵᠢᠯᠠᠯᠲᠤ ᠮᠣᠩᠭᠤᠯ ᠭᠡᠷ᠂ ᠮᠣᠩᠭᠤᠯ ᠭᠡᠷ ᠤᠨ ᠡᠳ᠋ᠯᠡᠯ ᠭᠡᠷᠡᠭᠰᠡᠯ ᠦᠢᠯᠡᠳᠪᠦᠷᠢᠯᠡᠵᠦ᠂ ᠤᠷᠢᠳ ᠬᠤᠵᠢᠳ 8 ᠶᠡᠭᠡ ᠲᠥᠷᠥᠯ᠂ 120 ᠭᠠᠷᠤᠢ ᠵᠦᠢᠯ ᠤᠨ 150 ᠭᠠᠷᠤᠢ ᠦᠨᠳᠦᠰᠦᠲᠡᠨ ᠤ ᠡᠳ᠋ᠯᠡᠯ ᠢ ᠰᠤᠳᠤᠯᠤᠨ ᠪᠦᠲᠦᠭᠡᠵᠦ᠂ ᠤᠯᠠᠮᠵᠢᠯᠠᠯᠳᠤ ᠰᠤᠶᠤᠯ ᠢᠶᠠᠨ ᠬᠠᠮᠠᠭᠠᠯᠠᠨ ᠤᠯᠠᠮᠵᠢᠯᠠᠵᠤ ᠶᠠᠪᠤᠭ᠎ᠠ ᠶᠤᠮ᠃ ᠲᠡᠷᠡ ᠪᠠᠰᠠ ᠰᠥᠨᠢᠳ ᠪᠠᠷᠠᠭᠤᠨ ᠬᠤᠰᠢᠭᠤᠨ ᠤ ᠦᠨᠳᠦᠰᠦᠲᠡᠨ ᠤ ᠬᠡᠷᠡᠭᠰᠡᠯ ᠤᠨ ᠦᠢᠯᠡᠳᠪᠦᠷᠢ ᠶᠢᠨ ︽ᠱᠤᠸᠠᠩ ᠰᠢ︾ ᠲᠡᠮᠳᠡᠭᠲᠦ ᠮᠣᠩᠭᠤᠯ ᠬᠡᠷ ᠦᠢᠯᠡᠳᠬᠦ ᠤᠷ᠎ᠠ ᠮᠡᠷᠭᠡᠵᠢᠯ ᠢ ᠵᠠᠯᠭᠠᠮᠵᠢᠯᠠᠭᠰᠠᠨ ᠰᠠᠭᠤᠷᠢᠨ ᠳᠡᠭᠡᠷ᠎ᠡ᠂ ︽ᠱᠤᠸᠠᠩ ᠵᠢᠢ ᠰᠢᠶᠠᠩ︾᠂ ︽ᠥᠯᠵᠡᠶᠢᠲᠦ ᠲᠠᠯ᠎ᠠ ᠨᠤᠲᠤᠭ︾ ᠲᠡᠮᠳᠡᠭᠲᠦ ᠪᠥᠬᠦ ᠣᠷᠣᠨ ᠤ ᠨᠠᠷᠠᠲᠤ ᠲᠠᠸᠠᠷ ᠤᠨ ᠲᠡᠮᠳᠡᠭ ᠪᠠ ᠮᠣᠩᠭᠤᠯ ᠬᠡᠷ ᠢ ᠰᠤᠳᠤᠯᠤᠨ ᠪᠦᠷᠢᠳᠬᠡᠭᠦᠯᠦᠭᠰᠡᠨ ᠤ ᠬᠠᠮᠳᠤ ᠤᠷᠢᠳ ᠬᠤᠵᠢᠳ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠨᠡᠭᠦᠳᠡᠯ ᠰᠣᠶᠣᠯ ᠵᠢᠭᠤᠯᠴᠢᠯᠠᠯ ᠤᠨ ᠨᠠᠶᠢᠷ ᠤᠨ ᠮᠠᠯᠴᠢᠨ ᠠᠶᠢᠯ ᠤᠯᠠᠮᠵᠢᠯᠠᠯᠲᠤ ᠮᠣᠩᠭᠤᠯ ᠬᠡᠷ ᠤᠨ ᠵᠢᠷᠤᠭ ᠲᠥᠯᠥᠪᠯᠡᠭᠡ ᠶᠢᠨ ᠤᠷᠤᠯᠳᠤᠭᠠᠨ ᠤ ᠨᠢᠭᠡᠳᠦᠭᠡᠷ ᠳᠡᠰ᠂ ᠥᠯᠵᠡᠶᠢᠲᠦ ᠨᠤᠲᠤᠭ ᠰᠢᠯᠢ ᠶᠢᠨ ᠭᠤᠤᠯ ᠤᠨ ᠵᠢᠭᠤᠯᠴᠢᠯᠠᠯ ᠤᠨ ᠲᠠᠸᠠᠷ ᠤᠨ ᠵᠢᠷᠤᠭ ᠲᠥᠯᠥᠪᠯᠡᠭᠡ ᠶᠢᠨ ᠤᠷᠤᠯᠳᠤᠭᠠᠨ ᠤ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃      ᠣᠳᠣᠬᠠᠨ ᠳᠤ᠂ ᠱᠤᠸᠠᠩ ᠯᠢ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠤ ᠬᠢᠵᠠᠭᠠᠷᠲᠤ ᠺᠣᠮᠫᠠᠨᠢ ᠨᠢ ᠮᠣᠩᠭᠤᠯ ᠬᠡᠷ ᠦᠢᠯᠡᠳᠬᠦ ᠤᠷ᠎ᠠ ᠮᠡᠷᠭᠡᠰᠢᠯ ᠢᠶᠠᠨ ᠪᠠᠳᠠᠷᠠᠭᠤᠯᠤᠨ ᠳᠡᠯᠭᠡᠷᠡᠭᠦᠯᠦᠭᠰᠡᠨ ᠢᠶᠠᠷ ᠪᠠᠷᠠᠬᠤ ᠥᠬᠡᠶ ᠎ ᠪᠠᠨ ᠹᠧᠩ ᠪᠢᠨ ᠪᠠᠰᠠ ᠤᠯᠤᠰ ᠤᠨ ᠬᠥᠳᠡᠭᠡ ᠲᠣᠰᠬᠤᠨ ᠤ ᠤᠷᠠᠨ ᠳᠠᠷᠬᠠᠨ ᠨᠠᠷᠠᠲᠤ ᠪᠠᠭᠰᠢ ᠪᠠᠷ ᠲᠣᠭᠲᠠᠭᠠᠵᠤ᠂ 2023 ᠣᠨ ᠤ 11 ᠰᠠᠷ᠎ᠠ ᠳᠤ ᠲᠣᠰ ᠺᠣᠮᠫᠠᠨᠢ ᠨᠢ ᠪᠠᠰᠠ 2025 ᠣᠨ ᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢᠯᠡᠯ ᠤᠨ ᠴᠢᠨᠠᠷᠲᠠᠶ ᠬᠠᠮᠠᠭᠠᠯᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠢᠶᠠᠷ ᠳᠤᠭᠳᠠᠭᠠᠭᠳᠠᠵᠠᠢ᠃      ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠰᠠᠶᠢᠲᠤᠷ ᠤᠯᠠᠮᠵᠢᠯᠠᠨ ᠵᠠᠯᠭᠠᠮᠵᠢᠯᠠᠬᠤ ᠶᠢᠨ ᠲᠥᠯᠥᠭᠡ᠂ 2024 ᠣᠨ ᠤ ᠰᠡᠭᠦᠯᠴᠢ ᠪᠠᠷ᠂ ᠪᠠᠨ ᠹᠧᠩ ᠪᠢᠨ ᠪᠠᠰᠠ ᠦᠢᠯᠡᠳᠪᠦᠷᠢ ᠶᠢᠨ ᠲᠣᠭᠤᠷᠢᠭ ᠤᠨ ᠶᠡᠭᠡ ᠲᠢᠩᠬᠢᠮ ᠳᠤ ᠮᠣᠩᠭᠤᠯ ᠭᠡᠷ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠤᠨ ᠦᠵᠡᠭᠦᠯᠭᠡ ᠶᠢᠨ ᠲᠢᠩᠬᠢᠮ ᠢ ᠪᠠᠶᠢᠭᠤᠯᠵᠤ᠂ ᠰᠣᠶᠣᠯ ᠢ ᠠᠭᠤᠳᠠᠯᠬᠤ᠂  ᠪᠣᠳᠠᠲᠤ ᠪᠣᠳᠠᠰ ᠢ ᠳᠡᠯᠭᠡᠨ ᠦᠵᠡᠭᠦᠯᠬᠦ ᠪᠠ ᠲᠠᠶᠢᠯᠪᠤᠷᠢᠯᠠᠬᠤ ᠪᠠᠷ ᠳᠠᠮᠵᠢᠨ᠂ ᠨᠡᠩ ᠤᠯᠠᠨ  ᠬᠥᠮᠦᠰ ᠲᠤ ᠮᠣᠩᠭᠤᠯ  ᠭᠡᠷ ᠤᠨ ᠤᠷ᠎ᠠ  ᠮᠡᠷᠭᠡᠵᠢᠯ ᠢ ᠤᠢᠢᠯᠠᠭᠠᠭᠤᠯᠪᠠ᠃      ︽ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠤᠯᠠᠮᠵᠢᠯᠠᠨ ᠵᠠᠯᠭᠠᠮᠵᠢᠯᠠᠭᠴᠢ ᠪᠣᠯᠤᠭᠰᠠᠨ ᠤ ᠬᠤᠪᠢ ᠳᠤ᠂ ᠪᠢ ᠵᠢᠱᠢᠶᠡᠴᠢ ᠳᠠᠭᠤᠷᠢᠶᠠᠯ ᠤᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠬᠠᠮᠠᠭᠠᠯᠠᠬᠤ ᠪᠠ ᠤᠯᠠᠮᠵᠢᠯᠠᠨ ᠵᠠᠯᠭᠠᠮᠵᠢᠯᠠᠬᠤ ᠡᠭᠦᠳᠡᠨ ᠠᠴᠠ ᠱᠠᠪᠢ ᠳᠠᠭᠠᠭᠤᠯᠤᠨ ᠮᠡᠷᠭᠡᠵᠢᠯ ᠰᠤᠷᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠶ᠎ᠡ ᠤᠯᠠᠮᠵᠢᠯᠠᠨ ᠵᠠᠯᠭᠠᠮᠵᠢᠯᠠᠬᠤ ᠵᠣᠷᠢᠭ ᠰᠠᠨᠠᠭ᠎ᠠ ᠪᠠᠷ᠂ ᠪᠣᠳᠠᠰ ᠤᠨ ᠪᠤᠰᠤ ᠰᠣᠶᠣᠯ ᠤᠨ ᠤᠯᠠᠮᠵᠢᠯᠠᠯ ᠬᠥᠭᠵᠢᠯᠲᠡ ᠶᠢᠨ ᠲᠥᠯᠥᠭᠡ ᠴᠢᠳᠠᠯ ᠤᠨ ᠢᠶᠠᠨ ᠬᠢᠷᠢ ᠪᠠᠷ ᠴᠢᠷᠮᠠᠶᠢᠨ᠎ᠠ︾ ᠭᠡᠵᠦ ᠤᠮᠤᠭᠰᠢᠯᠳᠠᠢ ᠶᠠᠷᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号