ᠮᠠᠨ ᠤ ᠬᠤᠰᠢᠭᠤ 2025 ᠤᠨ ᠤ ᠰᠢᠨ᠎ᠡ ᠴᠡᠷᠢᠭ ᠢᠶᠠᠨ ᠦᠳᠡᠨ ᠮᠤᠷᠳᠠᠭᠤᠯᠬᠤ ᠶᠤᠰᠤᠯᠠᠯ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2025/3/24
     3 ᠰᠠᠷ᠎ᠠ ᠶᠢᠨ 16 ᠎ ᠤ ᠡᠳᠦᠷ᠂ ᠮᠠᠨ ᠤ ᠬᠤᠰᠢᠭᠤ 2025 ᠣᠨ ᠤ ᠳᠡᠭᠡᠳᠦ ᠬᠠᠭᠠᠰ ᠵᠢᠯ ᠤᠨ ᠰᠢᠨ᠎ᠡ ᠴᠡᠷᠢᠭ ᠦᠳᠡᠨ ᠮᠤᠷᠳᠠᠭᠤᠯᠬᠤ ᠠᠵᠢᠯ ᠵᠢᠩᠬᠢᠨᠢ ᠪᠠᠷ ᠡᠬᠢᠯᠡᠵᠦ᠂ ᠰᠢᠨ᠎ᠡ ᠪᠠᠷ ᠡᠯᠰᠡᠭᠳᠡᠭᠰᠡᠨ ᠴᠡᠷᠢᠭ ᠤᠳ ᠮᠠᠨ ᠤ ᠬᠤᠰᠢᠭᠤᠨ ᠤ ᠭᠠᠯᠲᠤ ᠲᠡᠷᠭᠡᠨ ᠥᠷᠲᠡᠭᠡᠨ ᠠᠴᠠ ᠮᠤᠷᠳᠠᠵᠠᠭᠠᠯ᠎ᠠ᠃ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ ᠡᠷᠬᠢᠯᠡᠵᠦ᠂  ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠵᠢᠴᠢ ᠰᠢᠨ᠎ᠡ ᠴᠡᠷᠢᠭ ᠤᠨ ᠬᠡᠷ ᠪᠦᠯᠢ ᠶᠢᠨ ᠎ ᠬᠢᠨ ᠶᠤᠰᠤᠯᠠᠯ ᠳᠤ ᠣᠷᠣᠯᠴᠠᠪᠠ᠃      ᠢᠷᠠᠭᠤ ᠠᠯᠳᠠᠷᠲᠠᠢ ᠪᠠᠷ ᠴᠡᠷᠢᠭ ᠤᠨ ᠠᠯᠪᠠᠨ ᠳᠤ ᠡᠯᠰᠡᠭᠳᠡᠭᠰᠡᠳ ᠡᠭᠡ ᠤᠯᠤᠰ ᠲᠤ ᠪᠠᠨ ᠬᠦᠴᠦᠨ ᠢᠶᠠᠨ ᠡᠷᠬᠦᠬᠦ ᠤᠷᠬᠢᠯᠤᠮ᠎ᠠ ᠰᠡᠳᠬᠢᠯᠬᠡ ᠪᠡ ᠭᠡᠷ ᠤᠷᠤᠨ ᠠᠴᠠ ᠪᠠᠨ ᠰᠠᠯᠵᠤ ᠶᠠᠳᠠᠭᠰᠠᠨ ᠰᠡᠳᠬᠢᠯᠬᠡ ᠶᠢ ᠡᠪᠦᠷᠯᠡᠨ᠂ ᠭᠠᠯᠳᠤ ᠳᠡᠷᠭᠡᠨ ᠦᠷᠳᠡᠭᠡᠨ ᠳᠤ ᠴᠤᠭᠯᠠᠷᠠᠨ᠂ ᠦᠳᠡᠨ ᠮᠤᠷᠳᠠᠭᠤᠯᠬᠤ ᠶᠤᠰᠤᠯᠠᠯ ᠤᠨ ᠳᠤᠬᠠᠢ ᠶᠢᠨ ᠳᠠᠯᠠᠪᠠᠢ ᠳᠤ ᠬᠠᠯᠠᠭᠤᠨ ᠳᠤᠯᠠᠭᠠᠨ ᠠᠭᠤᠷ ᠠᠮᠢᠰᠬᠤᠯ ᠪᠢᠯᠬᠠᠨ᠎ᠠ᠃ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠠᠷᠢᠭᠤᠴᠠᠯᠭᠠᠲᠠᠨ ᠶᠤᠰᠤᠯᠠᠯ ᠳᠤ ᠪᠠᠶᠠᠷ ᠤᠨ ᠶᠠᠷᠢᠶ᠎ᠠ ᠬᠢᠬᠦ ᠳᠤ ᠪᠠᠨ᠂ ᠤᠯᠠᠨ ᠢᠶᠠᠷ ᠢᠶᠠᠨ ᠢᠷᠠᠭᠤ ᠠᠯᠳᠠᠷ ᠢᠶᠠᠨ ᠨᠠᠨᠳᠢᠩᠨᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠥᠨᠢ ᠡᠭᠦᠷᠢᠳᠡ ᠨᠠᠮ ᠤᠨ ᠦᠭᠡ ᠶᠢ ᠰᠣᠨᠣᠰᠴᠤ ᠨᠠᠮ ᠢᠶᠠᠨ ᠳᠠᠭᠠᠵᠤ᠂ ᠴᠡᠷᠢᠭ ᠠᠩᠬᠢ ᠳᠤ ᠬᠠᠲᠠᠭᠤᠵᠢᠨ ᠪᠣᠯᠪᠠᠰᠤᠷᠠᠵᠤ᠂ ᠭᠡᠷ ᠪᠦᠯᠢ ᠶᠢᠨ ᠬᠢᠨ ᠳᠤ ᠪᠠᠨ ᠢᠷᠠᠭᠤ ᠠᠯᠳᠠᠷ  ᠦᠩᠭᠡ ᠭᠡᠷᠡᠯ ᠠᠪᠴᠢᠷᠠᠵᠤ᠂ ᠡᠬᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠬᠤᠪᠢ ᠨᠡᠮᠡᠷᠢ ᠦᠵᠡᠭᠦᠯᠰᠦᠭᠡᠢ ᠭᠡᠵᠦ ᠵᠣᠷᠢᠭᠵᠢᠭᠤᠯᠪᠠ᠃      ᠣᠶᠢᠯᠠᠭᠠᠭᠰᠠᠨ ᠢᠶᠠᠷ᠂ ᠡᠨᠡ ᠤᠳᠠᠭᠠᠨ ᠤ ᠰᠢᠨ᠎ᠡ ᠴᠡᠷᠢᠭ ᠰᠢᠯᠭᠠᠷᠠᠭᠤᠯᠬᠤ ᠠᠵᠢᠯ ᠨᠢ ᠨᠡᠷ᠎ᠡ ᠮᠡᠳᠡᠭᠦᠯᠬᠦ᠂ ᠪᠡᠶ᠎ᠡ ᠶᠢᠨ ᠪᠠᠶᠢᠴᠠᠭᠠᠯᠲᠠ ᠬᠢᠬᠦ᠂ ᠤᠯᠤᠰ ᠲᠥᠷᠥ ᠶᠢᠨ ᠰᠢᠯᠭᠠᠯᠲᠠ ᠬᠢᠬᠦ ᠵᠡᠷᠭᠡ ᠱᠠᠲᠤ ᠪᠠᠷ ᠰᠢᠯᠢᠨ ᠰᠣᠩᠭᠤᠵᠤ᠂ ᠳᠥᠷᠪᠡᠨ ᠰᠠᠷ᠎ᠠ ᠶᠢᠨ ᠴᠠᠭ ᠵᠠᠷᠤᠴᠠᠭᠤᠯᠵᠤ᠂ ᠮᠠᠨ ᠤ ᠬᠤᠰᠢᠭᠤᠨ ᠤ ᠴᠡᠷᠢᠭ ᠡᠯᠰᠡᠬᠦ ᠠᠯᠪᠠᠨ ᠭᠡᠷ ᠠᠴᠠ ᠰᠢᠯᠢᠳᠡᠭ ᠲᠠᠪᠤᠨ ᠵᠠᠯᠠᠭᠤ ᠶᠢ ᠢᠷᠠᠭᠤ ᠠᠯᠳᠠᠷᠲᠠᠢ ᠪᠠᠷ ᠰᠤᠩᠭᠤᠨ ᠡᠯᠰᠡᠭᠰᠡᠨ ᠪᠠᠶᠢᠨ᠎ᠠ᠃ ᠬᠤᠰᠢᠭᠤ ᠭᠠᠯᠲᠤ ᠲᠡᠷᠭᠡᠨ ᠦᠷᠳᠡᠭᠡᠨ ᠳᠤ᠂ ᠮᠠᠨ ᠤ ᠬᠤᠰᠢᠭᠤᠨ ᠠᠴᠠ ᠭᠠᠳᠠᠨ᠎ᠠ ᠡᠷᠢᠶᠡᠨ ᠬᠤᠳᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤᠨ ᠠᠴᠠ ᠢᠷᠡᠭᠰᠡᠨ ᠨᠡᠶᠢᠳᠡ 15 ᠰᠢᠨ᠎ᠡ ᠴᠡᠷᠢᠭ ᠲᠡᠷᠭᠡ ᠬᠦᠯᠢᠶᠡᠬᠦ ᠲᠢᠩᠬᠢᠮ ᠳᠤ ᠴᠤᠭᠯᠠᠷᠠᠨ᠂ ᠠᠪᠤ ᠡᠵᠢ᠂ ᠡᠯᠢᠬᠡᠨ ᠰᠠᠳᠤᠨ᠂ ᠨᠤᠳᠤᠭ ᠤᠨ ᠲᠦᠮᠡᠨ ᠤ ᠪᠠᠨ ᠰᠠᠯᠵᠤ ᠶᠠᠳᠠᠭᠰᠠᠨ ᠰᠡᠳᠬᠢᠯᠬᠡ ᠪᠠ ᠬᠦᠰᠡᠯ ᠨᠠᠶᠢᠳᠠᠯᠭ᠎ᠠ ᠶᠢ ᠡᠪᠦᠷᠯᠡᠨ᠂ ᠠᠯᠤᠰ ᠤᠨ ᠠᠶᠠᠨ ᠳᠤ ᠪᠠᠨ ᠭᠠᠷᠤᠭᠰᠠᠨ ᠢᠶᠠᠷ᠂ ᠮᠠᠨ ᠤ ᠬᠤᠰᠢᠭᠤᠨ ᠤ 2025 ᠣᠨ ᠤ ᠳᠡᠭᠡᠳᠦ ᠬᠠᠭᠠᠰ ᠵᠢᠯ ᠤᠨ ᠴᠡᠷᠢᠭ ᠡᠯᠰᠡᠬᠦ ᠠᠵᠢᠯ ᠠᠮᠵᠢᠯᠲᠠ ᠲᠠᠢ ᠳᠡᠬᠦᠰᠴᠡᠢ᠃  
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号