ᠬᠦᠭᠡᠬᠤᠳᠠ ᠳᠤ ᠪᠤᠯᠤᠭᠰᠠᠨ ︽ᠮᠤᠩᠭᠤᠯ ᠮᠤᠷᠢᠨ ᠤ ᠵᠤᠷᠢᠭ ᠰᠠᠨᠠᠭ᠎ᠠ︾ ᠪᠠᠷ ᠭᠤᠤᠯ ᠰᠡᠳᠦᠪ ᠪᠤᠯᠭᠠᠭᠰᠠᠨ ᠭᠡᠷᠡᠯ ᠵᠢᠷᠤᠭ ᠤᠨ ᠦᠵᠡᠰᠬᠦᠯᠡᠩ ᠳᠤ ᠮᠠᠨ ᠤ ᠬᠤᠰᠢᠭᠤᠨ ᠤ 50 ᠭᠠᠷᠤᠢ ᠪᠦᠲᠦᠭᠡᠯ ᠳᠡᠯᠭᠡᠭᠳᠡᠭᠰᠡᠨ
ᠨᠡᠶᠢᠲᠡᠯᠡᠭᠰᠡᠨ ᠴᠠᠭ᠄
2025/3/26
     ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠰᠢᠯᠢ ᠶᠢᠨ ᠭᠤᠤᠯ ᠠᠶᠢᠮᠠᠭ ᠤᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠳᠤᠪᠴᠢᠶᠠᠨ ᠠᠴᠠ ᠭᠤᠤᠯᠯᠠᠨ ᠡᠷᠭᠢᠯᠡᠵᠦ᠂ ᠬᠥᠬᠡᠬᠤᠲᠠ ᠶᠢᠨ ᠰᠣᠶᠣᠯ ᠤᠨ ᠣᠷᠳᠣᠨ᠂ ᠰᠢᠯᠢ ᠶᠢᠨ ᠭᠤᠤᠯ ᠠᠶᠢᠮᠠᠭ ᠤᠨ ᠰᠣᠶᠣᠯ ᠤᠨ ᠣᠷᠳᠣᠨ᠂ ᠬᠤᠰᠢᠭᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽ᠤᠮᠠᠷᠠᠲᠤ ᠬᠢᠯᠢ ᠳᠤ ᠳᠤᠪᠳᠤᠯᠬᠤ︾ ᠮᠣᠩᠭᠤᠯ ᠮᠣᠷᠢᠨ ᠤ ᠵᠣᠷᠢᠭ ᠰᠠᠨᠠᠭᠠᠨ ᠤ ᠭᠤᠤᠯ ᠰᠡᠳᠦᠪᠲᠦ ᠬᠡᠷᠡᠯ ᠵᠢᠷᠤᠭ ᠤᠨ ᠦᠵᠡᠰᠬᠦᠯᠡᠩ ᠤᠶᠢᠷ᠎ᠠ ᠳᠤ ᠵᠢᠩᠬᠢᠨᠢ ᠪᠠᠷ ᠡᠬᠢᠯᠡᠵᠦ᠂ ᠦᠵᠡᠰᠬᠦᠯᠡᠩ ᠳᠤ᠂ ᠮᠠᠨ ᠤ ᠬᠤᠰᠢᠭᠤᠨ ᠤ ᠪᠤᠳᠠᠰ ᠤᠨ ᠪᠤᠰᠤ ᠰᠤᠶᠤᠯ ᠤᠨ ᠦᠪ ᠤᠨ ᠪᠦᠲᠦᠭᠡᠯ᠂ ᠮᠤᠷᠢ ᠪᠠᠷ ᠰᠡᠳᠦᠪᠯᠡᠭᠰᠡᠨ ᠬᠡᠷᠡᠯ ᠵᠢᠷᠤᠭ ᠤᠨ ᠪᠦᠲᠦᠭᠡᠯ ᠵᠡᠷᠭᠡ ᠨᠡᠶᠢᠳᠡ 50 ᠭᠠᠷᠤᠢ ᠪᠦᠲᠦᠭᠡᠯ ᠳᠡᠯᠭᠡᠭᠳᠡᠵᠡᠢ᠃      ᠡᠨᠡ ᠤᠳᠠᠭᠠᠨ ᠤ ᠦᠵᠡᠰᠬᠦᠯᠡᠩ ᠳᠤ᠂ ᠪᠦᠬᠦ ᠠᠶᠢᠮᠠᠭ ᠤᠨ 100 ᠭᠠᠷᠤᠢ ᠪᠦᠲᠦᠭᠡᠯ ᠳᠡᠯᠭᠡᠭᠳᠡᠭᠰᠡᠨ ᠤ ᠳᠤᠳᠤᠷ᠎ᠠ᠂ ᠮᠣᠩᠭᠤᠯ ᠭᠡᠷ᠂ ᠮᠤᠩᠭᠤᠯ ᠭᠡᠷ ᠤᠨ ᠡᠳ᠋ᠯᠡᠯ ᠭᠡᠷᠡᠭᠰᠡᠯ᠂ ᠠᠷᠠᠰᠤᠨ ᠰᠡᠶᠢᠯᠦᠮᠡᠯ᠂ ᠮᠤᠷᠢᠨ ᠤ ᠡᠳ᠋ᠯᠡᠯ ᠵᠡᠷᠭᠡ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ 50 ᠭᠠᠷᠤᠢ ᠪᠦᠲᠦᠭᠡᠯ ᠳᠡᠯᠭᠡᠭᠳᠡᠨ᠂ ᠲᠤᠬᠠᠢ ᠶᠢᠨ ᠲᠠᠯᠠᠪᠠᠢ ᠶᠢᠨ ᠬᠠᠮᠤᠭ ᠤᠨ ᠣᠨᠴᠠᠯᠢᠭ ᠲᠠᠢ ᠴᠢᠮᠡᠭᠯᠡᠯ ᠪᠤᠯᠵᠤ᠂ ᠦᠵᠡᠰᠬᠦᠯᠡᠩ ᠳᠤ ᠦᠩᠭᠡ ᠨᠡᠮᠡᠷᠢᠯᠡᠨ᠂ ᠦᠵᠡᠭᠴᠢᠳ ᠤᠨ ᠠᠩᠬᠠᠷᠤᠯ ᠢ ᠳᠠᠳᠠᠭᠰᠠᠨ ᠪᠠᠶᠢᠨ᠎ᠠ᠃      ᠦᠪᠦᠷ ᠮᠤᠩᠭᠤᠯ ᠤᠨ ᠤᠷᠠᠨ ᠵᠢᠷᠤᠭ ᠤᠨ ᠤᠷᠳᠤᠨ ᠤ ᠦᠵᠡᠭᠦᠯᠦᠯᠭᠡ ᠶᠢᠨ ᠲᠢᠩᠬᠢᠮ ᠳᠤ ᠣᠷᠣᠬᠤ ᠳᠤ᠂ ᠠᠷᠭᠤᠮᠠᠭ ᠬᠦᠯᠦᠭ ᠤᠨ ᠵᠢᠷᠤᠭ ᠰᠡᠬᠦᠳᠡᠷ᠂ ᠠᠳᠤᠭᠤᠨ ᠰᠤᠶᠤᠯ ᠳᠤ ᠬᠤᠯᠪᠤᠭᠳᠠᠭᠰᠠᠨ ᠭᠠᠷ ᠤᠷᠠᠯᠠᠯ ᠤᠨ ᠪᠦᠲᠦᠭᠡᠯ ᠬᠠᠷᠠᠭᠠᠨ ᠳᠤ ᠳᠤᠳᠤᠷᠠᠵᠤ᠂ ᠮᠤᠩᠭᠤᠯ ᠮᠤᠷᠢᠨ ᠤ ᠵᠤᠷᠢᠭ ᠰᠢᠨᠳᠠᠰᠤ ᠶᠢ ᠬᠠᠷᠠᠭᠤᠯᠤᠭᠰᠠᠨ ᠪᠦᠲᠦᠭᠡᠯ  ᠤᠳ ᠤᠷᠠᠨ ᠪᠦᠲᠦᠭᠡᠯᠴᠢᠳ ᠤᠨ ᠰᠠᠨᠠᠭ᠎ᠠ ᠠᠬᠤᠢ ᠶᠢ ᠦᠵᠡᠭᠴᠢᠳ ᠤᠨ ᠬᠠᠷᠠᠭᠠᠨ᠎ᠠ ᠳᠡᠯᠭᠡᠨ᠂ ᠳᠤᠭᠤᠷᠢᠨ ᠦᠵᠡᠭᠴᠢᠳ ᠲᠤ ᠠᠳᠤᠭᠤᠨ ᠰᠣᠶᠣᠯ ᠤᠨ ᠲᠡᠦᠬᠡ ᠤᠯᠠᠮᠵᠢᠯᠠᠯ ᠵᠢᠴᠢ ᠨᠡᠬᠦᠳᠡᠯᠴᠢᠨ ᠤᠭᠰᠠᠭᠠᠳᠠᠨ ᠤ ᠰᠤᠶᠤᠯ ᠳᠡᠦᠬᠡ ᠶᠢ ᠦᠷᠭᠡᠨ ᠢᠶᠠᠷ ᠳᠡᠯᠭᠡᠨ ᠤᠶᠢᠯᠠᠭᠠᠭᠤᠯᠤᠭᠰᠠᠨ ᠪᠠᠶᠢᠨ᠎ᠠ᠃      ᠲᠤᠰ ᠤᠳᠠᠭᠠᠨ ᠤ ᠦᠵᠡᠰᠬᠦᠯᠡᠩ ᠨᠢ ᠮᠣᠩᠭᠤᠯ ᠮᠤᠷᠢ ᠲᠠᠢ ᠬᠤᠯᠪᠤᠭᠳᠠᠭᠰᠠᠨ ᠭᠤᠶᠢᠳᠠ ᠰᠠᠶᠢᠬᠠᠨ ᠬᠤᠷᠣᠮ ᠢ ᠵᠢᠷᠤᠭᠯᠠᠭᠰᠠᠨ ᠢᠶᠠᠷ ᠪᠠᠷᠠᠬᠤ ᠦᠭᠡᠢ᠂ ᠪᠠᠰᠠ ᠪᠣᠳᠠᠰ ᠤᠨ ᠪᠤᠰᠤ ᠰᠣᠶᠣᠯ ᠤᠨ ᠥᠪ ᠢ ᠭᠦᠨᠵᠡᠭᠡᠢ ᠠᠭᠤᠳᠠᠯᠵᠦ᠂ ᠡᠳᠡᠭᠡᠷ ᠪᠦᠲᠦᠭᠡᠯ ᠢᠶᠠᠷ ᠲᠠᠮᠵᠢᠨ ᠦᠵᠡᠭᠴᠢᠳ ᠲᠤ ᠠᠳᠤᠭᠤᠨ ᠰᠣᠶᠣᠯ ᠤᠨ ᠠᠮᠢᠳᠤᠯᠢᠭ ᠵᠢᠷᠤᠭᠯᠠᠯ  ᠢ ᠦᠵᠡᠬᠦᠯᠦᠭᠰᠡᠨ ᠢᠶᠠᠷ ᠪᠠᠷᠠᠬᠤ ᠦᠭᠡᠢ᠂ ᠠᠳᠤᠭᠤᠨ ᠰᠣᠶᠣᠯ ᠤᠨ ᠠᠭᠤᠯᠤᠭᠳᠠᠬᠤᠨ ᠪᠠ ᠤᠶᠤᠨ ᠰᠠᠨᠠᠭᠠᠨ ᠤ ᠬᠦᠴᠦᠨ ᠢ ᠠᠮᠢᠳᠤᠯᠢᠭ ᠢᠶᠠᠷ ᠤᠶᠢᠯᠠᠭᠠᠭᠤᠯᠤᠭᠰᠠᠨ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号