ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠵᠤᠳᠤᠮᠳᠠᠳᠤ ᠶᠢᠨ ᠰᠤᠶᠤᠯ ᠢᠶᠠᠨ ᠤᠯᠠᠮᠵᠢᠯᠠᠵᠤ ᠶᠠᠪᠤᠭ᠎ᠠ — ᠴᠠᠭᠠᠰᠤᠨ ᠬᠠᠶᠢᠴᠢᠯᠠᠮᠠᠯ ᠤᠨ ᠤᠷ᠊
ᠨᠡᠶᠢᠲᠡᠯᠡᠭᠰᠡᠨ ᠴᠠᠭ᠄
2025/3/6
     ᠠᠵᠢᠯ ᠠᠴᠠ ᠪᠠᠨ ᠠᠮᠠᠷᠠᠭᠰᠠᠨ ᠪᠠᠭᠰᠢ ᠯᠠᠨ ᠸᠧᠨ ᠹᠠᠩ ᠤᠷᠠᠨ ᠭᠠᠷ᠂ ᠤᠷ᠎ᠠ ᠤᠬᠠᠭᠠᠨ ᠢᠶᠠᠷ ᠢᠶᠠᠨ ᠠᠮᠢᠳᠤᠷᠠᠯ ᠤᠨ ᠰᠠᠶᠢᠨ ᠰᠠᠶᠢᠬᠠᠨ ᠢ ᠤᠷᠠᠯᠠᠨ ᠡᠰᠭᠡᠵᠦ᠂ ᠳᠤᠮᠳᠠᠳᠤ ᠶᠢᠨ ᠤᠯᠠᠮᠵᠢᠯᠠᠯᠳᠤ ᠦᠪ ᠰᠤᠶᠤᠯ ᠪᠤᠯᠬᠤ ᠴᠠᠭᠠᠰᠤᠨ ᠬᠠᠶᠢᠴᠢᠯᠠᠮᠠᠯ  ᠎ ᠢ ᠤᠷᠠᠯᠠᠵᠤ᠂ ᠤᠯᠠᠮᠵᠢᠯᠠᠵᠤ᠂ ᠤᠷᠤᠯᠳᠤᠭᠠᠨ ᠦᠵᠡᠰᠬᠦᠯᠡᠩ ᠳᠤ ᠠᠮᠵᠢᠯᠳᠠᠳᠠᠢ ᠤᠷᠤᠯᠴᠠᠵᠤ᠂ ᠦᠳᠡᠯᠦᠬᠡ ᠨᠠᠰᠤ ᠪᠠᠨ ᠪᠠᠶᠠᠷ ᠵᠢᠷᠭᠠᠯ ᠲᠠᠢ᠂ ᠤᠳᠬ᠎ᠠ ᠠᠭᠤᠯᠭ᠎ᠠ ᠲᠠᠢ ᠦᠩᠭᠡᠷᠡᠬᠦᠯᠵᠦ ᠪᠠᠶᠢᠨ᠎ᠠ᠃      2020 ᠣᠨ ᠳᠤ᠂ ᠠᠩᠬ᠎ᠠ ᠴᠠᠭᠠᠰᠤᠨ ᠬᠠᠶᠢᠴᠢᠯᠠᠮᠠᠯ ᠲᠠᠢ ᠳᠠᠨᠢᠯᠴᠠᠵᠤ᠂ ᠰᠦᠯᠵᠢᠶᠡᠨ ᠳᠡᠭᠡᠷ᠎ᠡ ᠠᠴᠠ ᠴᠢᠷᠮᠠᠶᠢᠨ ᠰᠤᠷᠤᠯᠴᠠᠵᠤ᠂ ᠵᠢᠷᠤᠵᠤ ᠲᠦᠰᠦᠪᠯᠡᠬᠦ ᠠᠴᠠ ᠤᠷᠠᠯᠠᠵᠤ ᠬᠠᠶᠢᠴᠢᠯᠠᠬᠤ ᠬᠦᠷᠳᠡᠯ᠎ᠡ ᠠᠯᠬᠤᠮ ᠪᠦᠷᠢ ᠶᠢ ᠬᠢᠴᠢᠶᠡᠨ ᠰᠤᠷᠤᠭᠰᠠᠨ ᠢᠶᠠᠷ᠂ ᠦᠨᠦᠳᠦᠷ ᠪᠤᠯᠬᠤ ᠳᠤ ᠤᠷ᠎ᠠ ᠮᠡᠷᠭᠡᠵᠢᠯ ᠨᠢ ᠳᠡᠭᠡᠭᠰᠢᠯᠡᠨ ᠤᠯᠠᠮ ᠪᠤᠯᠪᠠᠰᠤᠷᠠᠩᠭᠤᠢ ᠪᠤᠯᠵᠤ᠂ ᠨᠠᠮ᠂ ᠡᠬᠡ ᠤᠯᠤᠰ ᠤᠨ ᠬᠠᠶᠢᠷ᠎ᠠ ᠬᠠᠯᠠᠮᠵᠢ᠂ ᠦᠨᠳᠦᠰᠦᠳᠡᠨ ᠤ ᠵᠠᠩ ᠦᠢᠯᠡ᠂ ᠪᠠᠶᠠᠷ ᠳᠤᠷᠠᠰᠬᠠᠯ᠂ ᠦᠨᠳᠦᠰᠦᠳᠡᠨ ᠤ ᠪᠦᠯᠬᠦᠮᠳᠡᠯ ᠲᠠᠢ ᠬᠤᠯᠪᠤᠭᠳᠠᠭᠰᠠᠨ ᠮᠠᠰᠢ ᠤᠯᠠᠨ ᠪᠦᠲᠦᠭᠡᠯ ᠢᠶᠠᠷ ᠢᠶᠠᠨ ᠬᠠᠶᠢᠴᠢᠯᠠᠮᠠᠯ ᠤᠷᠠᠯᠠᠯ ᠎ ᠤᠨ ᠦᠢᠯᠡᠰ ᠲᠤ ᠬᠦᠴᠦᠨ ᠢᠶᠠᠨ ᠡᠷᠬᠦᠨ᠂ ᠤᠷ᠎ᠠ ᠤᠬᠠᠭᠠᠨ ᠬᠠᠶᠢᠷ᠎ᠠ ᠰᠡᠳᠬᠢᠯᠬᠡ ᠬᠦᠰᠡᠯ ᠮᠦᠷᠦᠭᠡᠳᠦᠯ ᠢᠶᠠᠨ ᠤᠷᠠᠯᠠᠭᠰᠠᠨ ᠪᠦᠲᠦᠭᠡᠯ ᠳᠤ ᠪᠠᠨ ᠰᠢᠩᠭᠡᠭᠡᠵᠦ᠂ ᠤᠷᠤᠯᠳᠤᠭᠠᠨ ᠳᠡᠮᠡᠴᠡᠭᠡᠨ᠂ ᠦᠵᠡᠬᠦᠯᠦᠯᠬᠡ ᠨᠡᠶᠢᠳᠡᠯᠡᠯ ᠳᠤ ᠤᠯᠠᠨᠳᠠ ᠤᠷᠤᠯᠴᠠᠭᠰᠠᠨ ᠪᠠᠶᠢᠨ᠎ᠠ᠃      2022 ᠣᠨ ᠤ 1 ᠰᠠᠷ᠎ᠠ ᠳᠤ᠂ ᠲᠡᠭᠦᠨ ᠤ ᠪᠦᠲᠦᠭᠡᠯ ︽ᠣᠷᠭᠢᠯᠤᠮ᠎ᠠ ᠰᠠᠶᠢᠬᠠᠨ ᠡᠪᠦᠯ ᠤᠨ ᠣᠯᠢᠮᠫᠢᠺ ᠤᠨ ᠴᠤᠭᠯᠠᠭᠠᠨ︾᠎ ᠨᠢ ᠪᠥᠬᠦ ᠤᠯᠤᠰ ᠤᠨ ᠴᠠᠭᠠᠰᠤᠨ ᠬᠠᠶᠢᠴᠢᠯᠠᠮᠠᠯ ᠤᠨ ᠦᠵᠡᠰᠬᠦᠯᠡᠩ ᠳᠤ ᠰᠤᠩᠭᠤᠭᠳᠠᠵᠤ᠂ 2021᠂ 2022 ᠣᠨ ᠳᠤ ᠬᠤᠶᠠᠷ ᠬᠤᠭᠤᠴᠠᠭ᠎ᠠ ᠳᠠᠷᠠᠭᠠᠯᠠᠨ ᠪᠦᠬᠦ ᠤᠯᠤᠰ ᠤᠨ ᠴᠠᠭᠠᠰᠤᠨ ᠬᠠᠶᠢᠴᠢᠯᠠᠮᠠᠯ ᠤᠨ ᠨᠣᠮ ᠤᠨ ᠦᠵᠡᠰᠬᠦᠯᠡᠩ ᠳᠤ ᠤᠷᠤᠯᠴᠠᠵᠠᠢ᠃ 2022 ᠣᠨ ᠤ 9 ᠰᠠᠷ᠎ᠠ ᠳᠤ᠂ ︽ᠲᠠᠯ᠎ᠠ ᠨᠤᠲᠤᠭ ᠤᠨ ᠡᠵᠢ︾ ᠭᠡᠬᠦ ᠴᠠᠭᠠᠰᠤᠨ ᠬᠠᠶᠢᠴᠢᠯᠠᠮᠠᠯ ᠤᠨ ᠪᠦᠲᠦᠭᠡᠯ ᠢᠶᠠᠷ ᠢᠶᠠᠨ ᠬᠥᠬᠡᠬᠤᠲᠠ ᠶᠢᠨ ᠤᠳᠬ᠎ᠠ ᠤᠷᠠᠯᠢᠭ ᠤᠨ ᠬᠢᠨ ᠤ ᠬᠤᠯᠪᠤᠭᠠᠳᠤ ᠬᠤᠷᠠᠯ ᠠᠴᠠ ᠡᠷᠬᠢᠯᠡᠭᠰᠡᠨ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠦᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠬᠤᠷᠢᠳᠤᠭᠠᠷ ᠶᠡᠭᠡ ᠬᠤᠷᠠᠯ ᠢ ᠤᠭᠳᠤᠶ᠎ᠠ︾ ᠭᠡᠬᠦ ᠭᠤᠤᠯ ᠰᠡᠳᠦᠪᠳᠦ ᠴᠠᠭᠠᠰᠤᠨ ᠬᠠᠶᠢᠴᠢᠯᠠᠮᠠᠯ ᠤᠨ ᠦᠵᠡᠭᠦᠯᠦᠯᠭᠡ ᠳᠤ ᠠᠮᠵᠢᠯᠳᠠᠳᠠᠢ ᠤᠷᠤᠯᠴᠠᠨ ᠬᠤᠶᠠᠳᠤᠭᠠᠷ ᠳᠡᠰ ᠤᠨ ᠱᠠᠩᠨᠠᠯ ᠬᠦᠷᠳᠡᠪᠡ᠃ 2023 ᠣᠨ ᠤ 7 ᠰᠠᠷ᠎ᠠ ᠳᠤ᠂ ᠱᠠᠨ ᠰᠢ ᠮᠤᠵᠢ ᠳᠤ ᠪᠤᠯᠤᠭᠰᠠᠨ ᠪᠥᠬᠦ ᠤᠯᠤᠰ ᠤᠨ ᠳᠡᠰ ᠤᠨ ᠴᠠᠭᠠᠰᠤᠨ ᠬᠠᠶᠢᠴᠢᠯᠠᠮᠠᠯ ᠤᠨ ᠦᠵᠡᠰᠬᠦᠯᠡᠩ ᠳᠤ ︽ᠵᠠᠭᠤᠨ ᠡᠷᠬᠢᠮ ᠤᠨ ᠱᠠᠩᠨᠠᠯ︾ ᠬᠡᠮᠡᠬᠦ ᠨᠢᠭᠡᠳᠦᠭᠡᠷ ᠳᠡᠰ ᠤᠨ ᠱᠠᠩᠨᠠᠯ ᠢᠶᠠᠷ ᠡᠩᠭᠡᠷ ᠢᠶᠠᠨ ᠮᠢᠯᠢᠶᠠᠯᠭᠠᠨ᠂ 10 ᠰᠠᠷ᠎ᠠ ᠳᠤ ᠨᠢ ︽ᠨᠠᠶᠢᠷᠠᠮᠳᠠᠯ ᠵᠢᠷᠭᠠᠯ᠂ ᠬᠦᠭᠵᠢᠯ ᠴᠡᠴᠡᠭᠯᠡᠯ︾ ᠬᠡᠬᠦ ᠪᠦᠲᠦᠭᠡᠯ ᠎ ᠨᠢ ᠱᠠᠨ ᠰᠢ ᠮᠤᠵᠢ ᠶᠢᠨ ᠤᠯᠤᠰ ᠲᠦᠷᠦ ᠶᠢᠨ ᠵᠥᠪᠯᠡᠯᠭᠡᠨ ᠤ ᠮᠦᠽᠧᠢ ᠳᠤ ᠬᠠᠳᠠᠭᠠᠯᠠᠭᠳᠠᠪᠠ᠃ 2024 ᠣᠨ ᠤ 9 ᠰᠠᠷ᠎ᠠ ᠳᠤ᠂ ︽ᠭᠠᠯ ᠲᠠᠬᠢᠯᠭ᠎ᠠ︾ ᠭᠡᠬᠦ ᠪᠦᠲᠦᠭᠡᠯ ᠨᠢ ᠥᠪᠥᠷ ᠮᠣᠩᠭᠤᠯ ᠤᠨ ᠦᠨᠳᠦᠰᠦᠲᠡᠨ ᠤ ᠡᠪᠯᠡᠯ ᠪᠣᠯᠤᠨ ᠤᠷᠳᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠳᠤ ᠬᠤᠷᠠᠯ ᠠᠴᠠ ᠡᠷᠬᠢᠯᠡᠭᠰᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠭᠤᠣᠯ ᠰᠡᠳᠦᠪᠲᠦ ᠪᠦᠬᠦ ᠤᠯᠤᠰ ᠤᠨ ᠴᠠᠭᠠᠰᠤᠨ ᠬᠠᠶᠢᠴᠢᠯᠠᠮᠠᠯ ᠤᠨ ᠤᠷᠢᠯᠭ᠎ᠠ ᠶᠢᠨ ᠤᠷᠤᠯᠳᠤᠭᠠᠨ ᠳᠤ ᠳᠡᠯᠭᠡᠭᠳᠡᠵᠡᠢ᠃      ᠴᠠᠭᠠᠰᠤᠨ ᠬᠠᠶᠢᠴᠢᠯᠠᠮᠠᠯ ᠤᠨ ᠲᠤᠬᠠᠢ ᠶᠠᠷᠢᠬᠤ ᠳᠤ᠂ ᠯᠠᠨ ᠸᠧᠨ ᠹᠠᠩ ︽ᠬᠠᠶᠢᠷ᠎ᠠ ᠪᠣᠯ ᠳᠠᠷᠤᠢ ᠬᠠᠮᠤᠭ ᠤᠨ ᠰᠠᠶᠢᠨ ᠤᠯᠠᠮᠵᠢᠯᠠᠯ ᠮᠦᠨ︾ ᠬᠡᠮᠡᠨ ᠬᠢᠴᠢᠶᠡᠯ ᠵᠢᠳᠬᠦᠯ᠂ ᠤᠷᠠᠨ ᠰᠡᠳᠬᠢᠬᠦᠢ᠂ ᠬᠠᠶᠢᠷ᠎ᠠ ᠪᠠᠭ᠋ᠠᠷᠬᠠᠯ ᠪᠦᠬᠦᠨ ᠢᠶᠠᠨ ᠪᠦᠲᠦᠬᠡᠯ ᠳᠤ ᠪᠠᠨ ᠰᠢᠩᠭᠡᠭᠡᠨ ᠤᠷᠠᠯᠠᠵᠤ᠂ ᠪᠠᠷᠢᠮᠳᠠᠯᠠᠯ ᠪᠠ ᠰᠢᠨ᠎ᠡ ᠡᠬᠦᠳᠦᠯᠳᠡ ᠶᠢ ᠬᠤᠤᠰᠯᠠᠭᠤᠯᠤᠨ᠂ ᠤᠷ᠎ᠠ ᠮᠡᠷᠭᠡᠵᠢᠯ ᠢᠶᠠᠨ ᠳᠡᠭᠡᠭᠰᠢᠯᠡᠬᠦᠯᠵᠦ᠂ ᠤᠯᠠᠮ ᠬᠤᠯᠠ ᠶᠢ ᠵᠤᠷᠢᠵᠤ ᠶᠠᠪᠤᠭ᠎ᠠ ᠶᠤᠮ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号