ᠭᠠᠵᠠᠷ ᠰᠢᠷᠣᠶ ᠶᠢᠨ ᠭᠠᠷᠳᠠᠮ ᠢ ᠲᠦᠷᠭᠡᠨ ᠬᠦᠢᠴᠡᠳᠬᠡᠵᠦ ᠭᠤᠤᠯᠳᠠᠯᠭ᠎ᠠ ᠲᠠᠢ ᠲᠥᠷᠥᠯ ᠵᠦᠢᠯ ᠤᠨ ᠦᠷ᠎ᠡ ᠠᠰᠢᠭ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/3/6
     ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠭᠠᠵᠠᠷ ᠰᠢᠷᠣᠶ ᠶᠢᠨ ᠭᠠᠷᠳᠠᠮ ᠬᠦᠢᠴᠡᠳᠬᠡᠬᠦ ᠬᠤᠷᠳᠤᠴᠠ ᠶᠢ ᠲᠦᠷᠭᠡᠳᠬᠡᠨ᠂ ᠶᠠᠰᠤ ᠴᠢᠨᠠᠷ ᠢ ᠳᠡᠭᠡᠭᠰᠢᠯᠡᠬᠦᠯᠵᠦ᠂ ᠦᠷ᠎ᠡ ᠠᠰᠢᠭ ᠢ ᠠᠬᠢᠭᠤᠯᠵᠤ ᠪᠠᠶᠢᠨ᠎ᠠ᠃      ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶᠠᠨ ᠤ ᠠᠯᠪᠠᠨ ᠬᠡᠷ ᠲᠤ ᠠᠵᠢᠯᠲᠠᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷᠡᠭᠴᠡᠭᠡᠨ ᠤ ᠬᠠᠮᠢᠶᠠᠷᠤᠯᠲᠠ ᠶᠢᠨ ᠰᠢᠰᠲ᠋ᠧᠮ ᠢᠶᠠᠷ ᠳᠡᠮᠵᠢᠨ ᠭᠤᠤᠯᠳᠠᠯᠭ᠎ᠠ ᠲᠠᠢ ᠲᠥᠷᠥᠯ ᠵᠦᠢᠯ ᠢ ᠳᠡᠭᠡᠭᠰᠢ ᠮᠡᠳᠡᠭᠦᠯᠦᠨ ᠬᠢᠨᠠᠨ ᠵᠦᠪᠰᠢᠶᠡᠷᠡᠬᠦᠯᠬᠦ ᠠᠯᠬᠤᠮ ᠳᠠᠷᠠᠭ᠎ᠠ ᠶᠢ ᠬᠦᠢᠴᠡᠳᠬᠡᠨ᠎ᠡ᠃ ᠲᠣᠰ ᠰᠢᠰᠲ᠋ᠧᠮ ᠨᠢ ᠭᠠᠵᠠᠷ ᠰᠢᠷᠣᠶ ᠶᠢᠨ ᠪᠠᠶᠢᠷᠢᠯᠠᠯ᠂ ᠲᠠᠯᠠᠪᠠᠶ᠂ ᠭᠠᠵᠠᠷ ᠰᠢᠷᠣᠶ ᠶᠢᠨ ᠲᠥᠷᠥᠯ ᠤᠨ ᠡᠷᠬᠡ ᠶᠢᠨ ᠬᠠᠷᠢᠶᠠᠯᠠᠯ ᠵᠡᠷᠭᠡ ᠨᠠᠷᠢᠨ ᠲᠣᠳᠣᠷᠬᠠᠶ ᠮᠡᠳᠡᠭᠡ ᠵᠠᠩᠭᠢ ᠶᠢ ᠲᠦᠷᠭᠡᠨ ᠣᠯᠵᠤ ᠴᠢᠳᠠᠬᠤ ᠶᠢᠨ ᠬᠠᠮᠲᠤ ᠵᠢᠷᠤᠭᠲᠤ ᠬᠦᠰᠦᠨᠦᠭ ᠢ ᠴᠠᠭ ᠲᠤᠬᠠᠶ ᠳᠤᠨᠢ ᠪᠣᠶ ᠪᠣᠯᠭᠠᠵᠤ᠂ ᠲᠠᠷᠠᠭᠠᠴᠢ ᠶᠢᠨ ᠠᠵᠢᠯ ᠳᠤ ᠣᠨᠣᠪᠴᠢᠲᠠᠶ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠵᠤ᠂ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠬᠡᠷᠡᠭᠯᠡᠯᠲᠡ ᠨᠢ ᠭᠠᠵᠠᠷ ᠬᠡᠷᠡᠭᠯᠡᠬᠦ ᠭᠠᠷᠳᠠᠮ ᠬᠦᠢᠴᠡᠳᠬᠡᠬᠦ ᠦᠶᠡᠯᠡᠯ ᠤᠨ ᠬᠤᠭᠤᠴᠠᠭ᠎ᠠ ᠶᠢ ᠲᠦᠢᠯ ᠤᠨ ᠶᠡᠬᠡᠪᠡᠷ ᠪᠤᠭᠤᠨᠢᠰᠬᠠᠬᠤ ᠪᠤᠯᠤᠨ᠎ᠠ᠃ ᠤᠭ ᠨᠢ ᠭᠠᠵᠠᠷ ᠰᠢᠷᠣᠢ ᠶᠢ ᠬᠠᠶᠢᠨ ᠬᠡᠮᠵᠢᠬᠦ ᠠᠴᠠ ᠮᠠᠲ᠋ᠧᠷᠢᠶᠠᠯ ᠬᠢᠨᠠᠨ ᠬᠠᠷᠭᠤᠭᠤᠯᠬᠤ ᠬᠦᠷᠲᠡᠯ᠎ᠡ ᠪᠦᠬᠦ᠋ᠢᠯᠡ ᠶᠠᠪᠤᠴᠠ ᠨᠢ ᠬᠡᠳᠦᠨ ᠰᠠᠷ᠎ᠠ ᠶᠢᠨ ᠴᠠᠭ ᠭᠡᠷᠡᠭᠰᠡᠳᠡᠭ ᠪᠠᠶᠢᠭᠰᠠᠨ ᠪᠤᠯ ᠤᠳᠤ ᠮᠡᠳᠡᠭᠡ ᠵᠠᠩᠭᠢᠵᠢᠯᠲᠠ ᠶᠢᠨ ᠰᠢᠰᠲ᠋ᠧᠮ  ᠳᠤ ᠲᠦᠰᠢᠭᠯᠡᠨ᠂ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠳᠠᠮᠵᠢᠭᠤᠯᠬᠤ ᠪᠠ ᠬᠠᠮᠲᠤ ᠪᠠᠷ ᠡᠳ᠋ᠯᠡᠵᠦ᠂ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠨ ᠠᠵᠢᠯᠯᠠᠬᠤ ᠶᠢ ᠨᠡᠩ ᠰᠢᠯᠤᠭᠤᠳᠬᠠᠨ᠂ ᠭᠦᠢᠴᠡᠳᠬᠡᠬᠦ ᠴᠠᠭ ᠢ ᠶᠡᠬᠡᠪᠡᠷ ᠪᠤᠭᠤᠨᠢᠰᠬᠠᠵᠤ᠂ ᠲᠦᠷᠦᠯ ᠵᠦᠢᠯ ᠤᠨ ᠡᠷᠲᠡᠬᠡᠨ ᠠᠵᠢᠯ ᠡᠬᠢᠯᠡᠬᠦ ᠳᠤ ᠨᠦᠬᠦᠴᠡᠯ ᠪᠦᠷᠢᠯᠳᠦᠬᠦᠯᠵᠦ ᠦᠭᠴᠡᠢ᠃      ᠣᠳᠣᠬᠠᠨ ᠳᠤ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶ᠎ᠠ ᠶᠠᠭ ᠰᠢᠯᠢ ᠶᠢᠨ ᠭᠤᠣᠯ ᠤᠨ ᠵᠢᠩ ᠨᠧᠩ ᡁᠢ ᠾᠦᠢ ᠡᠯᠡᠰᠦ ᠶᠢ ᠰᠡᠷᠭᠡᠶᠢᠯᠡᠨ ᠵᠠᠰᠠᠬᠤ ᠪᠠ ᠰᠠᠯᠬᠢᠨ ᠴᠠᠬᠢᠯᠭᠠᠨ ᠬᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠤᠨ 2024 ᠣᠨ ᠤ ᠰᠥᠨᠢᠳ ᠪᠠᠷᠠᠭᠤᠨ ᠬᠤᠰᠢᠭᠤᠨ ᠤ 10 ᠲᠦᠮᠡ᠂ 15 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠤ ᠲᠦᠷᠦᠯ ᠵᠦᠢᠯ ᠵᠢᠴᠢ ᠰᠥᠨᠢᠳ ᠪᠠᠷᠠᠭᠤᠨ ᠬᠤᠰᠢᠭᠤᠨ ᠤ ᠮᠢᠩ ᠶᠠᠩ ᡁᠢ ᠾᠦᠢ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠰᠥᠨᠢᠳ ᠪᠠᠷᠠᠭᠤᠨ ᠬᠤᠰᠢᠭᠤᠨ ᠤ 50 MW ︵ᠰᠠᠶ᠎ᠠ ᠸᠠᠲ︶ ᠰᠠᠯᠬᠢᠨ ᠴᠠᠬᠢᠯᠭᠠᠨ ᠢᠶᠠᠷ ᠡᠯᠡᠰᠦ ᠶᠢ ᠵᠠᠰᠠᠬᠤ ᠶᠢ ᠨᠢᠭᠡ ᠴᠤᠭᠴᠠᠵᠢᠭᠤᠯᠬᠤ ᠲᠦᠷᠦᠯ ᠵᠦᠢᠯ ᠤᠨ ᠭᠠᠵᠠᠷ ᠰᠢᠷᠣᠢ ᠶᠢ ᠮᠡᠳᠡᠭᠦᠯᠦᠨ ᠵᠥᠪᠰᠢᠶᠡᠷᠡᠭᠦᠯᠬᠦ ᠭᠠᠷ ᠭᠦᠢᠴᠡᠳᠬᠡᠯ ᠢ ᠪᠦᠬᠦ ᠬᠦᠴᠦᠨ ᠢᠶᠠᠷ ᠠᠬᠢᠭᠤᠯᠵᠤ᠂ ᠵᠢᠱᠢᠯᠲᠡ ᠪᠠᠷ ᠡᠨᠡ ᠵᠢᠯ ᠤᠨ 3 ᠰᠠᠷ᠎ᠠ ᠶᠢᠨ ᠡᠬᠢ ᠪᠠᠷ ᠪᠦᠬᠦᠨ ᠢ ᠳᠠᠭᠤᠰᠬᠠᠬᠤ ᠪᠣᠯᠤᠨ᠎ᠠ᠃      2024 ᠣᠨ ᠳᠤ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠦᠪᠰᠢᠶᠡᠷᠡᠯ  ᠢ ᠨᠡᠶᠢᠲᠡ 14 ᠬᠤᠪᠢ ᠣᠯᠵᠤ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠨᠡᠶᠢᠲᠡ 378.625 ᠾᠧᠺᠲ᠋ᠠᠷ ᠵᠦᠪᠰᠢᠶᠡᠷᠡᠬᠦᠯᠪᠡ᠃ ᠥᠪᠥᠷ ᠮᠣᠩᠭᠤᠯ ᠤᠨ ᠡᠨᠧᠷᠭᠢ ᠶᠢᠨ ᠰᠦᠨᠢᠳ ᠪᠠᠷᠠᠭᠤᠨ ᠬᠤᠰᠢᠭᠤᠨ ᠤ 100 ᠲᠦᠮᠡᠨ ᠺᠢᠯᠤᠸᠠᠲ ᠤᠨ ᠰᠠᠯᠬᠢᠨ ᠨᠥᠭᠡᠴᠡ ᠶᠢᠨ ᠲᠦᠷᠦᠯ ᠵᠦᠢᠯ᠂ ᠰᠥᠨᠢᠳ ᠪᠠᠷᠠᠭᠤᠨ ᠬᠤᠰᠢᠭᠤᠨ ᠤ 100 MW/400 MWh ︵400 ᠰᠠᠶ᠎ᠠ ᠸᠠᠲ ᠴᠠᠭ ᠪᠦᠷᠢ 100 ᠰᠠᠶ᠎ᠠ ᠸᠠᠲ ᠶᠢᠨ︶ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡᠨ ᠤ ᠲᠥᠷᠥᠯ ᠵᠦᠢᠯ ᠵᠡᠷᠭᠡ ᠨᠢᠭᠡ ᠪᠦᠯᠦᠭ ᠰᠢᠨ᠎ᠡ ᠡᠨᠧᠷᠭᠢ ᠶᠢᠨ ᠲᠥᠷᠥᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠶᠢᠨ ᠬᠠᠮᠲᠤ ︽ᠰᠢᠯᠵᠢᠭᠦᠯᠬᠦ ᠠᠴᠠ ᠪᠢᠰᠢ ᠲᠠᠲᠠᠪᠤᠷᠢᠯᠠᠬᠤ ᠦᠭᠡᠢ︾ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠮᠠᠨ ᠤ ᠬᠤᠰᠢᠭᠤᠨ ᠤ ᠠᠯᠲᠠᠨ ᠤ ᠠᠭᠤᠷᠬᠠᠢ᠂ ᠵᠡᠰ ᠤᠨ ᠠᠭᠤᠷᠬᠠᠢ ᠵᠡᠷᠭᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠣᠯᠠᠨ ᠵᠢᠯ ᠤᠨ ᠲᠤᠷᠰᠢ ︽ᠭᠠᠵᠠᠷ ᠬᠡᠷᠡᠭᠯᠡᠬᠦ ᠳᠤ ᠬᠦᠴᠢᠷᠲᠡᠢ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃      ᠲᠠᠷᠠᠭᠠᠴᠢ ᠶᠢᠨ ᠠᠯᠬᠤᠮ ᠳᠤ᠂ ᠬᠤᠰᠢᠭᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠵᠢᠯ ᠤᠨ ᠡᠷᠴᠢᠮ ᠢᠶᠠᠨ ᠤᠯᠠᠮ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠲᠥᠷᠥᠯ ᠵᠦᠢᠯ ᠤᠨ ᠭᠤᠤᠯᠯᠠᠨ ᠬᠠᠮᠢᠶᠠᠷᠬᠤ ᠨᠢᠭᠡᠴᠡ ᠪᠠ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠲᠠᠢ ᠨᠢᠭᠲᠠ ᠬᠠᠷᠢᠯᠴᠠᠵᠤ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠭᠠᠵᠠᠷ ᠬᠡᠷᠡᠭᠯᠡᠬᠦ ᠭᠠᠷᠳᠠᠮ ᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠭᠠᠵᠠᠷ ᠰᠢᠷᠣᠶ ᠶᠢᠨ ᠭᠠᠷᠳᠠᠮ ᠬᠦᠢᠴᠡᠳᠭᠡᠬᠦ ᠠᠵᠢᠯ ᠢ ᠥᠨᠳᠥᠷ ᠪᠦᠲᠦᠮᠵᠢᠲᠡᠶ ᠪᠠᠷ ᠲᠦᠷᠭᠡᠨ ᠪᠡᠶᠡᠯᠡᠭᠦᠯᠵᠦ᠂ ᠲᠥᠷᠥᠯ ᠵᠦᠢᠯ ᠤᠨ ᠭᠠᠵᠠᠷ ᠰᠢᠷᠣᠶ ᠶᠢᠨ ᠭᠠᠷᠳᠠᠮ ᠢ ᠤᠷᠤᠭᠰᠢᠲᠠᠶ ᠬᠦᠢᠴᠡᠳᠬᠡᠬᠦ ᠶᠢ ᠦᠨᠡᠨ ᠬᠦ ᠪᠠᠳᠤᠯᠠᠬᠤ ᠶᠢᠨ ᠬᠠᠮᠲᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠪᠥᠬᠦ ᠬᠦᠴᠦᠨ ᠢᠶᠠᠷ ᠢᠶᠠᠨ ᠰᠠᠶᠢᠲᠤᠷ ᠬᠠᠮᠵᠢᠯᠴᠠᠵᠤ᠂ ᠮᠠᠨ ᠤ ᠬᠤᠰᠢᠭᠤᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠡᠷᠲᠡᠬᠡᠨ ᠠᠰᠢᠭᠯᠠᠯᠲᠠ ᠳᠤ ᠣᠷᠣᠬᠤ ᠶᠢ ᠬᠠᠮᠲᠤ ᠪᠠᠷ ᠠᠬᠢᠭᠤᠯᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号