ᠤᠳᠤᠷᠢᠳᠬᠠᠯ 2 ᠰᠠᠷ᠎ᠠ ᠶᠢᠨ 19 ᠤ ᠡᠳᠦᠷ᠂ ᠮᠠᠨ ᠤ ᠬᠤᠰᠢᠭᠤ 2025 ᠣᠨ ᠤ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠶᠠᠷᠢᠯᠴᠠᠬᠤ ᠬᠤᠷᠠᠯ ᠵᠢᠴᠢ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠬᠦ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠳᠠᠭᠤᠯᠵᠠᠢ᠃ ᠬᠤᠰᠢᠭᠤ | ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠢᠶᠠᠨ ᠰᠢᠤ ᠵᠢᠶᠦ᠋ᠨ ᠬᠤᠷᠠᠯ ᠳᠤ ᠣᠷᠣᠯᠴᠠᠪᠠ᠃ | ᠭᠡᠰᠢᠭᠦᠳ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠭᠰᠠᠨ ᠤ ᠳᠠᠷᠠᠭ᠎ᠠ᠂ ᠢᠷᠡᠭᠡᠳᠦᠶ ᠶᠢᠨ | ᠡᠭᠦᠷᠭᠡ ᠲᠤᠰᠢᠶᠠᠯ ᠢᠶᠠᠨ ᠬᠦᠢᠴᠡᠳᠭᠡᠬᠦ ᠬᠠᠷᠠᠯᠲᠠ ᠨᠠᠩ ᠲᠣᠳᠣᠷᠬᠠᠶ ᠪᠣᠯᠵᠣ᠂ ᠡᠷᠴᠢ ᠵᠣᠷᠢᠭ ᠨᠠᠩ ᠲᠡᠭᠦᠯᠳᠡᠷ | ᠪᠤᠯᠤᠯ᠎ᠠ ᠭᠡᠵᠦ ᠢᠯᠡᠷᠭᠡᠶᠢᠯᠡᠵᠡᠬᠡᠪᠡ᠃ | ᠶᠠᠷᠢᠯᠴᠠᠭᠠᠨ ᠳᠤᠮᠳᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠯᠭ᠎ᠠ ᠪᠣᠯᠤᠨ ᠤᠯᠤᠰ ᠲᠥᠷᠥ ᠶᠢᠨ | ᠵᠥᠪᠯᠡᠯᠭᠡᠨ ᠤ ᠬᠡᠰᠡᠭ ᠭᠡᠰᠢᠭᠦᠳ ᠰᠢᠨ᠎ᠡ ᠨᠢᠭᠡ ᠵᠢᠯ ᠤᠨ ᠠᠩᠬᠠᠳᠠᠭᠴᠢ ᠲᠥᠪᠯᠡᠷᠡᠩᠭᠦᠶ ᠰᠤᠷᠤᠯᠴᠠᠯᠭ᠎ᠠ | ᠥᠷᠨᠢᠭᠦᠯᠦᠭᠰᠡᠨ ᠤ ᠬᠮᠠᠳᠤ ᠪᠥᠬᠦ ᠬᠤᠰᠢᠭᠤᠨ ᠤ ᠬᠥᠭᠵᠢᠯᠲᠡ ᠶᠢᠨ ᠭᠤᠤᠯᠳᠠᠯᠭ᠎ᠠ᠂ ᠠᠷᠠᠳ ᠤᠨ ᠠᠮᠢᠳᠤᠷᠠᠯ ᠤᠨ | ᠬᠦᠴᠢᠷᠳᠡᠯ᠂ ᠨᠡᠶᠢᠭᠡᠮ ᠤᠨ ᠬᠠᠯᠠᠮᠰᠢᠯ ᠤᠨ ᠲᠣᠭᠤᠷᠢᠨ ᠳᠤ ᠵᠢᠯ ᠪᠦᠷᠢ ᠠᠳᠠᠭ ᠲᠠᠭᠠᠨ ᠨᠢᠭᠡ ᠬᠤᠪᠢ ᠰᠠᠨᠠᠯ | ᠳᠤᠷᠠᠳᠤᠯᠭ᠎ᠠ ᠳᠡᠪᠰᠢᠭᠦᠯᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ᠂ ᠨᠢᠭᠡ ᠤᠳᠠᠭᠠᠨ ᠤ | ᠪᠠᠶᠢᠴᠠᠭᠠᠨ ᠰᠤᠳᠤᠯᠤᠯᠲᠠ ᠪᠠ ᠠᠵᠢᠯ ᠶᠠᠪᠤᠳᠠᠯ ᠢ ᠬᠦᠢᠴᠡᠳᠭᠡᠬᠦ ᠵᠡᠷᠭᠡ ᠠᠭᠤᠯᠭ᠎ᠠ ᠪᠠᠷ ᠰᠠᠨᠠᠯ ᠰᠣᠯᠢᠯᠴᠠᠵᠠᠶ᠃ | ᠲᠠᠷᠠᠭᠠᠴᠢ ᠶᠢᠨ ᠠᠯᠬᠤᠮ ᠳᠤ᠂ ᠭᠡᠰᠢᠭᠦᠳ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠲᠤᠬᠠᠶᠢᠯᠠᠭᠰᠠᠨ ᠠᠵᠢᠯ ᠳᠠᠬᠢ ᠳᠠᠭᠠᠭᠤᠯᠬᠤ ᠦᠢᠯᠡᠳᠦᠯ᠂ ᠭᠤᠤᠯ ᠴᠣᠭᠴᠠ ᠶᠢᠨ ᠦᠢᠯᠡᠳᠦᠯ᠂ ᠣᠯᠠᠨ ᠲᠦᠮᠡᠨ ᠤ | ᠳᠤᠮᠳᠠᠬᠢ ᠲᠥᠯᠥᠭᠡᠯᠡᠭᠴᠢ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠥᠪᠡᠷ ᠤᠨ ᠲᠤᠬᠠᠶᠢᠯᠠᠭᠰᠠᠨ ᠠᠵᠢᠯ ᠪᠠ | ᠤᠯᠤᠰ ᠲᠥᠷᠥ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠬᠦᠢᠴᠡᠳᠭᠡᠬᠦ ᠠᠵᠢᠯ ᠢ ᠬᠠᠷᠢᠯᠴᠠᠨ ᠤᠶᠠᠯᠳᠤᠭᠤᠯᠵᠤ᠂ | ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠣᠯᠠᠨ ᠲᠦᠮᠡᠨ ᠤ ᠠᠩᠬᠠᠷᠴᠤ ᠪᠠᠶᠢᠭ᠎ᠠ ᠭᠤᠤᠯᠳᠠᠯᠭ᠎ᠠ᠂ ᠬᠠᠯᠠᠮᠰᠢᠯ | ᠠᠰᠠᠭᠤᠳᠠᠯ ᠪᠠ ᠲᠥᠪᠯᠡᠷᠡᠯ ᠤᠨ ᠴᠡᠭ ᠢ ᠴᠠᠭ ᠢᠮᠠᠭᠲᠠ ᠠᠩᠬᠠᠷᠴᠤ᠂ ᠬᠠᠨᠳᠤᠯᠭᠠᠲᠤ ᠴᠢᠨᠠᠷᠲᠠᠶ ᠪᠠᠷ ᠬᠤᠰᠢᠭᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠪᠠᠶᠢᠳᠠᠯ ᠢ ᠲᠤᠰᠬᠠᠵᠤ᠂ ᠰᠠᠨᠠᠯ ᠰᠠᠨᠠᠭᠤᠯᠭ᠎ᠠ ᠳᠤᠷᠠᠳᠴᠤ᠂ ᠣᠯᠠᠨ | ᠲᠦᠮᠡᠨ ᠤ ︽ᠦᠢᠯᠡᠴᠢᠯᠡᠭᠴᠢ︾ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠤᠶᠢᠯᠠᠭᠠᠵᠤ ᠳᠤᠰᠬᠠᠬᠤ ︽ | ᠮᠡᠳᠡᠭᠡ ᠵᠠᠩᠭᠢᠴᠢ︾ ᠶᠢᠨ ᠡᠬᠦᠷᠭᠡ ᠪᠠᠨ ᠰᠠᠶᠢᠳᠤᠷ ᠬᠦᠢᠴᠡᠳᠬᠡᠬᠦ ᠪᠤᠯᠤᠨ᠎ᠠ᠃ | |