ᠦᠪᠦᠷ ᠮᠤᠩᠭᠤᠯ ᠤᠨ ᠡᠨᠧᠷᠬᠢ ᠶᠢᠨ ᠰᠤᠷᠪᠤᠯᠵᠢ ᠶᠢᠨ ᠰᠦᠨᠢᠳ ᠪᠠᠷᠠᠭᠤᠨ ᠬᠤᠰᠢᠭᠤᠨ ᠤ100 ᠲᠦᠮᠡᠨ ᠺᠢᠯᠤᠸᠠᠲ ᠤᠨ ᠰᠠᠯᠬᠢᠨ ᠨᠥᠭᠡᠴᠡ ᠶᠢᠨ ᠲᠦᠷᠦᠯ ᠵᠦᠢᠯ ᠠᠵᠢᠯ ᠢᠶᠠᠨ ᠰᠡᠷᠬᠦᠭᠡᠵᠦ ᠦᠢᠯᠡᠳᠪᠦᠷᠢᠯᠡᠯ  ᠢᠶᠠᠨ ᠡᠬᠢᠯᠡᠬᠦᠯᠦᠯ᠎ᠡ
ᠨᠡᠶᠢᠲᠡᠯᠡᠭᠰᠡᠨ ᠴᠠᠭ᠄
2025/3/6
     ᠦᠪᠦᠷ ᠮᠤᠩᠭᠤᠯ ᠤᠨ ᠡᠨᠧᠷᠬᠢ ᠶᠢᠨ ᠰᠤᠷᠪᠤᠯᠵᠢ ᠶᠢᠨ ᠰᠦᠨᠢᠳ ᠪᠠᠷᠠᠭᠤᠨ ᠬᠤᠰᠢᠭᠤᠨ ᠤ100 ᠲᠦᠮᠡᠨ ᠺᠢᠯᠤᠸᠠᠲ ᠤᠨ ᠰᠠᠯᠬᠢᠨ ᠨᠥᠭᠡᠴᠡ ᠶᠢᠨ ᠲᠦᠷᠦᠯ ᠵᠦᠢᠯ ᠤᠷᠴᠢᠮᠬᠠᠨ ᠠᠵᠢᠯ ᠢᠶᠠᠨ ᠰᠡᠷᠬᠦᠭᠡᠵᠦ ᠦᠢᠯᠡᠳᠪᠦᠷᠢᠯᠡᠯ  ᠢᠶᠠᠨ ᠡᠬᠢᠯᠡᠬᠦᠯᠦᠯ᠎ᠡ᠃      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠳᠠᠷᠤᠯᠲᠠ ᠳᠡᠭᠡᠭᠰᠢᠯᠡᠭᠦᠯᠬᠦ ᠦᠷᠳᠡᠭᠡᠨ ᠤ ᠪᠦᠲᠦᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ᠂ ᠪᠠᠷᠢᠯᠭ᠎ᠠ ᠶᠢᠨ ᠠᠵᠢᠯᠲᠠᠳ ᠴᠠᠭ ᠢ ᠠᠮᠵᠢᠨ ᠲᠥᠬᠦᠭᠡᠷᠦᠮᠵᠢ ᠪᠠᠨ ᠤᠭᠰᠠᠷᠠᠨ ᠲᠣᠬᠢᠷᠠᠭᠤᠯᠵᠤ᠂ ᠡᠯ᠎ᠡ ᠵᠦᠢᠯ ᠤᠨ ᠠᠵᠢᠯᠯᠠᠭᠠᠨ ᠤ ᠲᠤᠭ᠎ᠠ ᠪᠠᠷᠢᠮᠲᠠ ᠶᠢ ᠨᠠᠷᠢᠨ ᠨᠢᠮᠪᠠᠶ ᠬᠢᠨᠠᠨ ᠬᠡᠮᠵᠢᠵᠦ᠂ ᠰᠠᠯᠬᠢᠨ ᠬᠦᠴᠦᠨ ᠤ ᠴᠠᠬᠢᠯᠭᠠᠨ ᠤ ᠲᠠᠯᠠᠪᠠᠶ ᠶᠢᠨ ᠪᠠᠷᠢᠯᠭ᠎ᠠ ᠶᠢᠨ ᠭᠠᠵᠠᠷ ᠲᠤ ᠰᠠᠯᠬᠢᠨ ᠬᠦᠴᠦᠨ ᠤ ᠮᠠᠰᠢᠨ ᠤ ᠰᠤᠪᠤᠷᠭ᠎ᠠ ᠳᠡᠭᠦᠵᠢᠯᠡᠨ ᠤᠭᠰᠠᠷᠠᠬᠤ᠂ ᠲᠣᠮᠣ ᠬᠡᠯᠪᠡᠷᠢ ᠶᠢᠨ ᠮᠠᠰᠢᠨ ᠲᠥᠬᠦᠭᠡᠷᠦᠮᠵᠢ ᠶᠢ ᠠᠵᠢᠯᠯᠠᠭᠤᠯᠬᠤ ᠵᠡᠷᠭᠡ ᠠᠵᠢᠯ ᠡᠮᠬᠢ ᠴᠡᠭᠴᠡ ᠲᠠᠢ ᠶᠠᠪᠤᠭᠳᠠᠵᠤ᠂ ᠮᠡᠷᠭᠡᠵᠢᠯᠳᠡᠳ ᠨᠢᠭᠲᠠ ᠬᠠᠮᠵᠢᠯᠴᠠᠨ ᠳᠡᠭᠦᠵᠢᠯᠡᠨ ᠤᠭᠰᠠᠷᠠᠬᠤ ᠠᠵᠢᠯ ᠤᠨ ᠠᠮᠤᠷ ᠲᠦᠪᠰᠢᠨ᠂ ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠳᠤᠯᠠᠨ᠎ᠠ᠃      ᠦᠪᠦᠷ ᠮᠤᠩᠭᠤᠯ ᠤᠨ ᠡᠨᠧᠷᠬᠢ ᠶᠢᠨ ᠰᠤᠷᠪᠤᠯᠵᠢ ᠶᠢᠨ ᠰᠦᠨᠢᠳ ᠪᠠᠷᠠᠭᠤᠨ ᠬᠤᠰᠢᠭᠤᠨ ᠤ100 ᠲᠦᠮᠡᠨ ᠺᠢᠯᠤᠸᠠᠲ ᠤᠨ ᠰᠠᠯᠬᠢᠨ ᠨᠥᠭᠡᠴᠡ ᠶᠢᠨ ᠲᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠢᠨᠵᠧᠨᠧᠷᠢᠩ ᠪᠣᠯᠬᠤ ᠶᠢᠨ ᠬᠠᠮᠳᠤ ᠮᠠᠨ ᠤ ᠬᠤᠰᠢᠭᠤᠨ ᠤ ᠠᠩᠬᠠᠳᠠᠭᠴᠢ ᠵᠠᠭᠤᠨ ᠲᠦᠮᠡᠨ ᠺᠢᠯᠤᠸᠠᠲ ᠤᠨ ᠲᠠᠰ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠪᠣᠯᠤᠨ᠎ᠠ᠃ ᠲᠥᠷᠥᠯ ᠵᠦᠢᠯ ᠨᠢ ᠣᠳᠣᠬᠠᠨ ᠤ ᠡᠬᠡ ᠬᠠᠭᠤᠷᠠᠶ ᠳᠠᠬᠢ ᠭᠠᠭᠴᠠ ᠲᠠᠪᠴᠠᠩ ᠤᠨ ᠪᠠᠭᠲᠠᠭᠠᠮᠵᠢ ᠪᠠᠷ ᠬᠠᠮᠤᠭ ᠤᠨ ᠶᠡᠭᠡ 10 MWᠰᠠᠯᠬᠢᠨ ᠮᠠᠰᠢᠨ ᠢ ᠬᠡᠷᠡᠭᠯᠡᠵᠦ᠂ ᠲᠥᠷᠥᠯ ᠵᠦᠢᠯ ᠤᠨ ᠪᠥᠬᠦ ᠪᠠᠭᠲᠠᠭᠠᠮᠵᠢ ᠶᠢ ᠲᠤᠤᠷ ᠲᠤ ᠨᠡᠶᠢᠯᠡᠭᠦᠯᠦᠨ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ 29.9 ᠳ᠋ᠦᠩᠰᠢᠭᠤᠷ ᠺᠢᠯᠤᠸᠠᠲ ᠴᠠᠭ ᠲᠤ ᠬᠦᠷᠴᠦ᠂ ᠵᠢᠯ ᠪᠦᠷᠢ ᠪᠠᠷᠤᠭ 90 ᠲᠦᠮᠡᠨ ᠲᠣᠨ ᠪᠠᠷᠢᠮᠵᠢᠶᠠᠲᠤ ᠨᠡᠭᠦᠷᠡᠰᠦ ᠠᠷᠪᠢᠯᠠᠬᠤ ᠪᠤᠯᠤᠨ᠎ᠠ᠃ ᠡᠨᠡ ᠨᠢ ᠲᠤᠬᠠᠶ ᠶᠢᠨ ᠭᠠᠵᠠᠷ ᠤᠨ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠵᠦ᠂ ᠪᠣᠬᠢᠷᠲᠤᠯ ᠥᠬᠡᠶ ᠪᠥᠭᠡᠳ ᠳᠤᠤᠷ᠎ᠠ ᠨᠡᠬᠦᠷᠡᠰᠦᠳᠦ᠋ᠷᠦᠭᠴᠢᠳᠦ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠡᠯ᠎ᠡ ᠲᠦᠷᠦᠯ ᠵᠦᠢᠯ ᠤᠨ ᠡᠷᠲᠡᠬᠡᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠡᠬᠢᠯᠡᠬᠦᠯᠬᠦ ᠶᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠢᠭᠲᠠ ᠮᠥᠷᠳᠡᠨ᠂ ᠥᠨᠳᠥᠷ ᠪᠦᠲᠦᠮᠵᠢᠲᠡᠢ ᠵᠣᠬᠢᠴᠠᠭᠤᠯᠭ᠎ᠠ ᠪᠣᠯᠤᠨ ᠣᠨᠣᠪᠴᠢᠲᠠᠢ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠪᠦᠬᠦ ᠬᠦᠴᠦᠨ ᠢᠶᠠᠷ ᠪᠠᠲᠤᠯᠠᠵᠤ᠂ ᠠᠵᠤ ᠠᠬᠤᠶᠢᠯᠠᠯ ᠤᠨ ᠥᠨᠳᠥᠷ ᠪᠦᠲᠦᠮᠵᠢᠲᠡᠢ ᠪᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠰᠢᠨ᠎ᠡ ᠨᠢᠭᠡ ᠵᠢᠯ ᠳᠤ ᠰᠠᠶᠢᠨ ᠡᠬᠢᠯᠡᠯᠲᠡ ᠲᠠᠢ ᠪᠣᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠳᠡᠯᠬᠡᠬᠦ ᠬᠦᠴᠦᠨ ᠨᠡᠮᠡᠷᠢᠯᠡᠵᠦ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号