︽ᠯᠧᠢ ᠹᠧᠩ ᠮᠠᠰᠢᠨ ᠲᠡᠷᠭᠡᠨ ᠤ ᠠᠩᠭᠢ︾ ᠵᠡᠮᠳᠡᠭᠴᠦᠳ ᠪᠠ ᠨᠠᠰᠤᠳᠠᠶᠢᠴᠤᠳ ᠲᠤ ᠦᠨ᠎ᠡ ᠲᠦᠯᠦᠪᠦᠷᠢ ᠦᠬᠡᠢ ᠪᠠᠷ ᠦᠢᠯᠡᠴᠢᠯᠡᠬᠦ ᠪᠤᠯᠤᠯ᠎ᠠ
ᠨᠡᠶᠢᠲᠡᠯᠡᠭᠰᠡᠨ ᠴᠠᠭ᠄
2025/3/8
     ᠯᠧᠶ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠢ ᠳᠤᠬᠢᠶᠠᠯᠳᠤᠭᠤᠯᠤᠨ᠂ ᠬᠤᠰᠢᠭᠤ ᠵᠠᠮ ᠲᠡᠭᠡᠭᠡᠪᠦᠷᠢ ᠶᠢᠨ ᠲᠣᠪᠴᠢᠶ᠎ᠠ ︽ᠯᠧᠢ ᠹᠧᠩ ᠮᠠᠰᠢᠨ ᠲᠡᠷᠭᠡᠨ ᠤ ᠠᠩᠭᠢ︾ ᠶᠢ ᠵᠣᠬᠢᠶᠠᠨ ᠪᠠᠶᠢᠭᠤᠯᠵᠤ᠂ ︽ᠬᠠᠶᠢᠷ᠎ᠠ ᠬᠠᠯᠠᠮᠵᠢ ᠶᠢ ᠤᠯᠠᠮᠵᠢᠯᠠᠨ ᠦᠢᠯᠡᠳᠦᠯᠬᠡᠵᠢᠬᠦᠯᠦᠭᠴᠢ︾ ᠭᠡᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠯᠧᠢ ᠹᠧᠩ ᠤᠨ ᠵᠣᠷᠢᠭ ᠰᠠᠨᠠᠭ᠎ᠠ ᠶᠢ ᠦᠢᠯᠡᠳᠦᠯᠬᠡᠵᠢᠬᠦᠯᠦᠨ᠂ ᠵᠡᠮᠳᠡᠭ ᠪᠠᠭᠤᠷᠠᠶᠢᠴᠤᠤᠯ ᠪᠠ ᠨᠠᠰᠤᠳᠠᠨ ᠪᠤᠭᠤᠷᠤᠯᠴᠤᠳ ᠲᠤ ᠲᠦᠭᠦᠮ ᠦᠵᠡᠬᠦᠯᠦᠭᠰᠡᠨ ᠪᠠᠶᠢᠨ᠎ᠠ᠃      ︽ᠯᠧᠢ ᠹᠧᠩ ᠮᠠᠰᠢᠨ ᠲᠡᠷᠭᠡᠨ ᠤ ᠠᠩᠭᠢ︾ ᠶᠢᠨ ᠵᠢᠯᠤᠭᠤᠴᠢ ᠨᠠᠷ ᠬᠤᠰᠢᠭᠤ ᠵᠡᠮᠳᠡᠭᠴᠦᠳ ᠢ ᠠᠰᠠᠷᠠᠨ ᠬᠠᠷᠠᠭᠠᠯᠵᠠᠬᠤ ᠲᠥᠪ ᠪᠠ ᠵᠢᠷᠭᠠᠯᠠᠩ ᠨᠠᠰᠤᠳᠠᠶᠢᠴᠤᠳ ᠢ ᠠᠰᠠᠷᠠᠬᠤ ᠬᠦᠷᠢᠶᠡᠯᠡᠩ ᠳᠤ ᠬᠦᠷᠴᠦ᠂ ᠲᠡᠷᠭᠡᠨ ᠳᠤ ᠰᠠᠭᠤᠬᠤ ᠺᠠᠷᠲ ᠢ ᠤᠯᠠᠨ ᠳᠤ ᠭᠠᠷᠳᠠᠭᠤᠯᠵᠤ᠂ ᠦᠨ᠎ᠡ ᠲᠥᠯᠥᠪᠦᠷᠢ ᠦᠭᠡᠢ ᠪᠠᠷ ᠠᠶᠠᠨ ᠵᠠᠮ ᠤᠨ ᠦᠢᠯᠡᠴᠢᠯᠡᠭᠡ ᠬᠦᠷᠭᠡᠬᠦ ᠪᠣᠳᠠᠲᠠᠢ ᠠᠭᠤᠯᠭ᠎ᠠ ᠶᠢ ᠤᠯᠠᠨ ᠳᠤ ᠳᠠᠶᠢᠯᠪᠤᠷᠢᠯᠠᠨ᠂ ᠯᠧᠢ ᠹᠧᠩ ᠤᠨ ᠵᠢᠷᠤᠭ ᠲᠠᠢ ᠺᠠᠷᠲ ᠭᠠᠷᠳᠠᠭᠰᠠᠨ ᠤᠯᠠᠨ ᠤ ᠴᠢᠷᠠᠢ ᠳᠤ ᠪᠠᠶᠠᠷ ᠪᠠᠭ᠋ᠠᠳᠤᠯ ᠪᠢᠯᠬᠠᠵᠤ ᠪᠠᠶᠢᠯ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠰᠠᠶᠢᠨ ᠳᠤᠷ᠎ᠠ ᠶᠢᠨ ᠠᠵᠢᠯᠯᠠᠭ᠎ᠠ ᠨᠢ 3 ᠰᠠᠷ᠎ᠠ ᠶᠢᠨ 5 ᠤ ᠡᠳᠦᠷ ᠠᠴᠠ ᠡᠬᠢᠯᠡᠨ ᠶᠠᠪᠤᠭᠳᠠᠵᠤ᠂ ᠥᠷᠯᠥᠭᠡ ᠶᠢᠨ 8 ᠴᠠᠭ ᠠᠴᠠ ᠦᠳᠡ ᠶᠢᠨ ᠬᠤᠶᠢᠨᠠᠬᠢ 17 ᠴᠠᠭ ᠪᠣᠯᠲᠠᠯ᠎ᠠ᠂ 70 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠵᠡᠮᠳᠡᠭ ᠬᠥᠮᠦᠰ ᠬᠤᠲᠠ ᠲᠣᠭᠤᠷᠢᠭ ᠳᠤᠳᠤᠷ᠎ᠠ ᠴᠥᠮ ᠦᠨ᠎ᠡ ᠲᠥᠯᠥᠪᠦᠷᠢ ᠥᠬᠡᠶ ᠪᠠᠷ ︽ᠯᠸᠢ ᠹᠧᠩ ᠲᠡᠷᠭᠡᠨ ᠤ ᠠᠩᠭᠢ︾ ᠶᠢᠨ ᠮᠠᠰᠢᠨ ᠳᠤ ᠰᠠᠭᠤᠵᠤ ᠪᠣᠯᠤᠨ᠎ᠠ᠃      ᠲᠠᠷᠠᠭᠠᠴᠢ ᠶᠢᠨ ᠠᠯᠬᠤᠮ ᠳᠤ᠂ ᠬᠤᠰᠢᠭᠤ ᠵᠠᠮ ᠲᠡᠭᠡᠭᠡᠪᠦᠷᠢ ᠶᠢᠨ ᠲᠣᠪᠴᠢᠶ᠎ᠠ ᠯᠸᠢ ᠹᠧᠩ ᠤᠨ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠬᠤ ᠪᠠ ᠰᠠᠶᠢᠨ ᠳᠤᠷ᠎ᠠ ᠶᠢᠨ ᠦᠢᠯᠡᠴᠢᠯᠡᠭᠡ ᠶᠢ ᠦᠢᠯᠡᠳᠦᠯᠬᠡᠵᠢᠬᠦᠯᠬᠦ ᠶᠢ ᠣᠷᠭᠠᠨᠢᠭ ᠢᠶᠠᠷ ᠤᠶᠠᠯᠳᠤᠭᠤᠯᠵᠤ᠂ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ︽ᠯᠸᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ᠂ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠳᠠᠷᠠᠭᠤᠯᠬᠤ︾ ᠪᠠᠷ ᠦᠢᠯᠡᠴᠢᠯᠡᠭᠡᠨ ᠤ ᠵᠣᠷᠢᠯᠲᠠ ᠪᠣᠯᠭᠠᠬᠤ ᠶᠢ ᠪᠠᠷᠢᠮᠲᠠᠯᠠᠵᠤ᠂ ︽ᠳᠦᠷᠢᠮᠵᠢᠭᠦᠯᠦᠨ ᠬᠠᠮᠢᠶᠠᠷᠬᠤ᠂ ᠨᠠᠷᠠᠲᠤ ᠲᠡᠮᠳᠡᠭᠵᠢᠭᠦᠯᠦᠨ ᠠᠬᠢᠭᠤᠯᠬᠤ᠂ ᠪᠠᠶᠢᠩᠭᠤᠵᠢᠭᠤᠯᠤᠨ ᠦᠢᠯᠡᠴᠢᠯᠡᠬᠦ︾ ᠰᠠᠶᠢᠨ ᠳᠤᠷ᠎ᠠ ᠶᠢᠨ ᠦᠢᠯᠡᠴᠢᠯᠡᠬᠡᠨ ᠤ ᠬᠠᠮᠢᠶᠠᠷᠤᠯᠲᠠ ᠶᠢᠨ ᠵᠠᠭᠪᠤᠷ ᠢ ᠬᠦᠴᠦᠯᠡᠨ ᠪᠠᠶᠢᠭᠤᠯᠵᠤ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠪᠣᠯᠪᠠᠰᠤᠨ ᠦᠢᠯᠡᠴᠢᠯᠡᠬᠡᠨ ᠤ ᠦᠢᠯᠡᠳᠦᠯ ᠢ ᠪᠣᠶ ᠪᠤᠯᠭᠠᠬᠤ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号