︽3.8︾ ᠤ ᠳᠡᠯᠡᠬᠡᠶ ᠶᠢᠨ ᠡᠮᠡᠭᠲᠡᠶᠢᠴᠦᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠥᠷᠭᠡᠨ ᠣᠯᠠᠨ | ᠡᠮᠡᠭᠲᠡᠶᠢᠴᠦᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠡᠮᠡᠭᠲᠡᠶᠢᠴᠦᠳ ᠤᠨ | ᠬᠦᠴᠦᠨ ᠢ ᠨᠢᠭᠲᠠᠷᠠᠭᠤᠯᠬᠤ ᠶᠢᠨ ᠲᠥᠯᠥᠭᠡ᠂ ᠵᠢᠷᠦᠬᠡ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠳᠤ ᠬᠤᠷᠠᠯ ︽ | ᠤᠮᠠᠷᠠᠳᠤ ᠬᠢᠯᠢ ᠶᠢᠨ ᠡᠮᠡᠭᠳᠡᠶᠢᠴᠦᠳ ᠨᠠᠮ ᠢᠶᠠᠨ ᠡᠷᠡᠰ ᠳᠠᠭᠠᠵᠤ᠂ ᠰᠢᠨ᠎ᠡ ᠠᠶᠠᠨ ᠵᠠᠮ ᠳᠠᠭᠠᠨ ᠭᠠᠪᠢᠶ᠎ᠠ ᠪᠠᠶᠢᠭᠤᠯᠬᠤ | ᠪᠠᠷ ᠡᠷᠡᠯᠭᠡᠭᠯᠡᠨ ᠤᠷᠤᠭᠰᠢᠯᠠᠶ᠎ᠠ︾ ᠭᠡᠬᠦ ᠭᠤᠤᠯ ᠰᠡᠳᠦᠪᠳᠦ ᠳᠡᠯᠡᠭᠡᠢ ᠶᠢᠨ ᠡᠮᠡᠭᠳᠡᠶᠢᠴᠦᠳ ᠤᠨ ᠪᠠᠶᠠᠷ ᠢ ᠪᠡᠯᠭᠡᠯᠡᠬᠦ | ᠠᠵᠢᠯᠯᠠᠭ᠎ᠠ ᠵᠤᠬᠢᠶᠠᠨ ᠪᠠᠶᠢᠭᠤᠯᠤᠨ ᠦᠷᠨᠢᠬᠦᠯᠦᠭᠰᠡᠨ ᠪᠠᠶᠢᠨ᠎ᠠ᠃ | ᠠᠵᠢᠯᠯᠠᠭ᠎ᠠ ᠨᠢ ᠬᠤᠰᠢᠭᠤ ᠤᠯᠠᠭᠠᠨᠮᠦ᠋ᠴᠢᠷ ᠤᠨ ᠳᠤᠭᠯᠠᠭᠴᠢ ᠶᠢᠨ ᠡᠷᠬᠦᠨ ᠪᠠᠷᠢᠭᠰᠠᠨ ᠢᠷᠠᠭᠤ ᠰᠠᠶᠢᠬᠠᠨ | ᠮᠤᠷᠢᠨ ᠬᠤᠭᠤᠷ ᠤᠨ ᠡᠭᠡᠰᠢᠭ ᠢᠶᠠᠷ ᠬᠥᠰᠢᠭᠡ ᠪᠠᠨ ᠰᠡᠬᠦᠵᠦ᠂ ︽ᠮᠢᠨᠤ ᠦᠯᠦᠬᠡᠢ ᠴᠠᠭᠠᠬᠠᠭᠤᠯᠠ︾᠂ ︽ᠮᠢᠨᠤ | ᠡᠵᠢ︾᠂ ︽ᠬᠠᠯᠢᠭᠤᠨ ᠨᠠᠮᠤᠷ︾᠂ ︽ᠮᠢᠨᠦ ᠬᠦᠬᠡᠷᠦᠬᠦᠨ ᠡᠵᠢ︾ ᠵᠡᠷᠭᠡ ᠣᠯᠠᠭᠠᠨᠮᠦ᠋ᠴᠢᠷ ᠤᠨ ᠳᠤᠭᠯᠠᠭᠴᠢᠳ ᠪᠠ | ᠡᠯ᠎ᠡ ᠭᠠᠴᠠᠭᠠᠨ ᠤ ᠮᠠᠯᠴᠢᠳ ᠤᠨ ᠳᠠᠭᠤᠯᠠᠭᠰᠠᠨ ᠭᠤᠶᠢᠳᠠ ᠰᠠᠶᠢᠬᠠᠨ ᠳᠤᠭᠯᠠᠯᠳᠠ ᠪᠠᠷ ᠤᠴᠢᠷᠳᠡᠢ ᠰᠠᠶᠢᠬᠠᠨ | ᠦᠷᠬᠦᠯᠵᠢᠯᠡᠵᠦ᠂ ᠮᠠᠯᠴᠢᠨ ᠲᠦᠮᠡᠨ ᠳᠤ ᠤᠷᠠᠯᠢᠭ ᠰᠤᠶᠤᠯ ᠤᠨ ᠰᠢᠮ᠎ᠡ ᠶᠢ ᠬᠦᠷᠳᠡᠭᠡᠨ᠂ ᠳᠤᠬᠠᠢ ᠶᠢᠨ ᠳᠠᠯᠠᠪᠠᠢ ᠳᠤ | ᠪᠠᠶᠠᠷ ᠬᠦᠷ ᠴᠠᠯᠬᠢᠵᠤ ᠪᠠᠶᠢᠯ᠎ᠠ᠃ | ᠠᠵᠢᠯᠯᠠᠭ᠎ᠠ ᠳᠤ᠂ ᠡᠮᠡᠭᠲᠡᠶᠢᠴᠦᠳ ᠤᠨ ᠬᠤᠯᠪᠤᠭᠠᠳᠤ ᠬᠤᠷᠠᠯ ᠤᠨ ᠠᠬᠠᠮᠠᠳ ᠠᠵᠢᠯᠳᠠᠨ ᠰᠡᠷᠭᠦᠯᠡᠩ᠂ | ᠦᠩᠭᠡᠷᠡᠭᠰᠡᠨ ᠤ ᠠᠵᠢᠯ ᠤᠨ ᠳᠤᠷᠠᠰᠤᠮᠵᠢ ᠪᠠᠨ ᠬᠤᠪᠢᠶᠠᠯᠴᠠᠨ᠂ ᠡᠮᠡᠭᠲᠡᠶᠢᠴᠦᠳ ᠤᠨ ᠬᠤᠯᠪᠤᠭᠠᠨ ᠤ ᠬᠤᠵᠢᠮ | ᠬᠤᠶᠢᠰᠢᠳᠠ ᠶᠢᠨ ᠠᠵᠢᠯ ᠳᠤ ᠡᠷᠬᠢᠮ ᠨᠠᠨᠳᠢᠨ ᠰᠠᠨᠠᠭᠤᠯᠭ᠎ᠠ ᠪᠠ ᠬᠦᠰᠡᠯ ᠵᠦᠩᠨᠡᠯ ᠢᠶᠠᠨ ᠳᠡᠪᠰᠢᠬᠦᠯᠵᠦ᠂ ᠪᠥᠬᠦ | ᠪᠠᠯᠭᠠᠰᠤᠨ ᠤ ᠰᠢᠯᠢᠳᠡᠭ ᠡᠮᠡᠭᠲᠡᠶᠢᠴᠦᠳ ᠤᠨ ᠲᠥᠯᠥᠭᠡᠯᠡᠭᠴᠢ ᠠᠴᠠ ᠤᠯᠠᠨ ᠳᠤ ᠬᠡᠷ ᠪᠦᠯᠢ ᠶᠢᠨ ᠡᠶ᠎ᠡ ᠨᠡᠶᠢᠷ᠂ | ᠬᠦᠷᠰᠢ ᠬᠤᠭᠤᠷᠤᠨᠳᠤ ᠶᠢᠨ ᠶᠠᠪᠤᠯᠴᠠᠭ᠎ᠠ ᠵᠡᠷᠭᠡ ᠦᠨᠡᠨ ᠪᠤᠳᠠᠳᠠᠢ ᠦᠯᠢᠬᠡᠷ ᠢᠶᠠᠨ ᠬᠤᠪᠢᠶᠠᠯᠴᠠᠨ᠂ ᠲᠤᠬᠠᠶ ᠶᠢᠨ | ᠲᠠᠯᠠᠪᠠᠶ ᠶᠢᠨ ᠪᠦᠰᠡᠬᠦᠶᠢᠴᠦᠳ ᠤᠨ ᠰᠢᠨ᠎ᠡ ᠴᠠᠭ ᠦᠶ᠎ᠡ ᠳᠤ ᠡᠷᠡᠰ ᠵᠤᠷᠢᠭ ᠢᠶᠠᠷ ᠦᠭᠡᠳᠡᠯᠡᠨ ᠳᠠᠪᠰᠢᠬᠤ ᠢᠳᠡᠭᠡᠯ | ᠵᠤᠷᠢᠭ ᠢ ᠬᠦᠪᠴᠢᠯᠡᠯ᠎ᠡ᠃ | ᠠᠵᠢᠯᠯᠠᠭ᠎ᠠ ᠳᠤ ᠪᠠᠰᠠ᠂ ᠰᠤᠨᠢᠷᠬᠠᠯᠳᠤ ᠨᠠᠭᠠᠳᠤᠮ ᠳᠤᠭᠯᠠᠭᠠᠮ ᠦᠷᠨᠢᠬᠦᠯᠦᠨ᠂ ︽ᠠᠵᠠ ᠶᠢᠨ ᠲᠦᠷᠪᠡᠨ | ᠪᠡᠷᠭᠡ︾ ᠤᠷᠬᠢᠭᠤᠯᠵᠤ᠂ ᠤᠯᠠᠮᠵᠢᠯᠠᠯᠳᠤ ᠰᠤᠶᠤᠯ ᠢᠶᠠᠷ ᠢᠶᠠᠨ ᠪᠠᠭ᠋ᠠᠷᠬᠠᠨ᠂ ᠰᠢᠨ᠎ᠡ ᠨᠢᠬᠡᠨ ᠵᠢᠯ ᠤᠨ ᠬᠢᠨᠢ ᠠᠵᠠ | ᠬᠡᠶᠢᠮᠤᠷᠢ ᠶᠢ ᠪᠡᠯᠭᠡᠳᠡᠭᠰᠡᠨ ᠤ ᠬᠠᠮᠳᠤ ᠪᠦᠰᠡᠭᠦᠶᠢᠴᠦᠳ ᠲᠤ ᠪᠠᠨ ᠨᠢᠮᠪᠠᠶᠢᠯᠠᠨ ᠪᠡᠯᠡᠳᠭᠡᠭᠰᠡᠨ ᠭᠠᠷ ᠪᠡᠯᠡᠭ | ᠭᠠᠷᠳᠠᠭᠤᠯᠤᠯ᠎ᠠ᠃ | ᠲᠣᠰ ᠤᠳᠠᠭᠠᠨ ᠤ ᠠᠵᠢᠯᠯᠠᠭ᠎ᠠ ᠨᠢ ᠥᠷᠭᠡᠨ ᠣᠯᠠᠨ ᠡᠮᠡᠭᠲᠡᠶᠢᠴᠦᠳ ᠤᠨ ᠴᠤᠭ ᠪᠠᠳᠠᠷᠠᠩᠭᠤᠶ ᠥᠭᠡᠳᠡᠯᠡᠨ | ᠳᠠᠪᠰᠢᠬᠤ᠂ ᠬᠦᠴᠦᠯᠡᠨ ᠴᠢᠷᠮᠠᠶᠢᠬᠤ ᠣᠶᠤᠨ ᠰᠠᠨᠠᠭᠠᠨ ᠤ ᠳᠦᠷᠰᠦ ᠪᠠᠶᠢᠳᠠᠯ ᠪᠠ ᠰᠢᠨ᠎ᠡ ᠴᠠᠭ ᠦᠶ᠎ᠡ ᠶᠢᠨ | ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠦᠨ᠂ ᠥᠷᠭᠡᠨ ᠣᠯᠠᠨ ᠡᠮᠡᠭᠲᠡᠶᠢᠴᠦᠳ ᠤᠨ ︽ᠲᠥᠷᠥ ᠶᠢᠨ | ᠬᠠᠭᠠᠰ ᠲᠤᠯᠭᠠᠭᠤᠷᠢ︾ ᠶᠢᠨ ᠦᠢᠯᠡᠳᠦᠯ ᠢ ᠪᠠᠳᠠᠷᠠᠭᠤᠯᠤᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠲᠤ ᠢᠳᠡᠪᠬᠢᠲᠡᠶ ᠣᠷᠣᠯᠴᠠᠬᠤ ᠶᠢ ᠵᠣᠷᠢᠭᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ | ᠥᠷᠭᠡᠨ ᠣᠯᠠᠨ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠨᠠᠮ ᠳᠠᠭᠠᠨ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠵᠤ᠂ ᠠᠭᠤᠤ ᠶᠡᠭᠡ ᠦᠢᠯᠡᠰ ᠤᠨ ᠪᠥᠲᠥᠭᠡᠨ ᠪᠠᠶᠢᠭᠤᠯᠤᠭᠴᠢ᠂ ᠪᠣᠯᠪᠠᠰᠤᠨ ᠬᠡᠪ | ᠰᠤᠷᠲᠠᠯ ᠤᠨ ᠤᠯᠠᠮᠵᠢᠯᠠᠭᠴᠢ᠂ ᠵᠣᠷᠢᠭᠲᠠᠶ ᠪᠠᠷ ᠬᠦᠰᠡᠯ ᠵᠡᠭᠦᠳᠦ ᠪᠠᠨ ᠬᠥᠭᠡᠭᠡᠴᠡᠯᠳᠦᠬᠦ ᠲᠡᠮᠡᠴᠡᠭᠴᠢ ᠪᠤᠯᠬᠤ ᠶᠢ | ᠵᠤᠷᠢᠵᠢᠭᠤᠯᠤᠨ ᠳᠠᠶᠢᠴᠢᠯᠠᠬᠤ ᠵᠤᠷᠢᠯᠭ᠎ᠠ ᠳᠤ ᠪᠠᠨ ᠬᠦᠷᠴᠦ ᠴᠢᠳᠠᠭᠰᠠᠨ ᠪᠠᠶᠢᠨ᠎ᠠ᠃ |