ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 3 ᠰᠠᠷ᠎ᠠ ᠶᠢᠨ 31 ᠤ ᠡᠳᠦᠷ ᠬᠤᠷᠠᠯ | ᠬᠤᠷᠠᠯᠳᠤᠭᠤᠯᠵᠤ᠂ ︽ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ | ᠠᠵᠢᠯ ᠤᠨ ᠳᠦᠷᠢᠮ︾᠂ ︽ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠡᠭᠡᠯᠵᠢ ᠶᠢᠨ ᠲᠣᠭᠤᠷᠢᠨ | ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ︾ ᠶᠢ ᠬᠢᠨᠠᠨ ᠵᠥᠪᠯᠡᠵᠡᠢ᠃ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ᠃ | ᠬᠤᠷᠠᠯ ᠠᠴᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ | ᠪᠣᠯ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ | ᠠᠷᠭ᠎ᠠ ᠬᠡᠮᠵᠢᠶ᠎ᠡ ᠮᠥᠨ᠂ ᠡᠯ᠎ᠡ ᠱᠠᠲᠤᠨ ᠤ ᠤᠳᠤᠷᠢᠳᠬᠤ ᠺᠠᠳ᠋ᠷ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠠᠴᠠ ᠭᠠᠷᠳᠠᠵᠤ᠂ ᠠᠮᠢ ᠠᠬᠤᠢ ᠣᠷᠴᠢᠨ | ᠲᠣᠭᠤᠷᠢᠨ ᠢ ᠡᠪᠳᠡᠭᠰᠡᠨ ᠨᠢᠭᠡ ᠪᠦᠯᠦᠭ ᠴᠢᠬᠤᠯᠠ ᠶᠡᠭᠡ ᠨᠡᠶᠢᠲᠡᠯᠢᠭ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠠᠷᠠᠳ ᠣᠯᠠᠨ ᠤ ᠲᠤᠰᠬᠠᠯ ᠢᠶᠠᠷ ᠴᠢᠩᠭ᠎ᠠ ᠪᠠᠶᠢᠭ᠎ᠠ ᠨᠢᠭᠡ ᠪᠦᠯᠦᠭ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠵᠤ᠂ ᠰᠠᠶᠢᠨ ᠦᠷ᠎ᠡ ᠪᠦᠲᠦᠮᠵᠢ ᠣᠯᠵᠠᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ | ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠱᠠᠯᠠᠪᠳᠠᠭᠤᠯᠤᠨ ᠪᠠᠶᠢᠴᠠᠭᠠᠯᠲᠠ ᠶᠢᠨ ᠬᠤᠷᠴᠠ | ᠰᠡᠯᠡᠮ᠎ᠡ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠳᠦᠷᠢᠮ ᠭᠡᠬᠦ ᠡᠨᠡ ᠬᠦ | ᠵᠠᠩᠭᠢᠯᠠᠭ᠎ᠠ ᠶᠢ ᠪᠠᠲᠤ ᠡᠵᠡᠮᠳᠡᠵᠦ᠂ ᠶᠡᠭᠡ ᠲᠠᠯ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠴᠢᠩᠭ᠎ᠠ ᠪᠠᠶᠢᠬᠤ ᠦᠨᠳᠦᠰᠦᠨ | ᠭᠦᠭ ᠠᠶᠠᠰ ᠢ ᠪᠠᠷᠢᠮᠲᠠᠯᠠᠵᠤ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ ᠦᠷᠭᠦᠯᠵᠢᠯᠡᠨ ᠠᠰᠠᠭᠤᠳᠠᠯ ᠢ ᠢᠯᠡᠷᠡᠭᠦᠯᠵᠦ᠂ | ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠨᠠᠮ ᠤᠨ ᠲᠥᠪ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ | ᠱᠠᠯᠠᠪᠳᠠᠭᠤᠯᠤᠨ ᠪᠠᠶᠢᠴᠠᠭᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠷᠤᠮᠵᠢᠬᠰᠠᠨ ᠬᠠᠮᠢᠶᠠᠷᠤᠯᠲᠠ ᠶᠢ | ᠴᠢᠩᠭᠠᠳᠬᠠᠵᠤ᠂ ᠰᠤᠷᠲᠠᠯ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠲᠥᠪ ᠤᠨ ᠪᠠ ᠲᠦᠷᠦ ᠶᠢᠨ ᠬᠡᠰᠡᠭ | ᠪᠠᠶᠢᠭᠤᠯᠭ᠎ᠠ ᠨᠢᠭᠡᠴᠢ ᠳᠤ ᠲᠣᠭᠤᠷᠢᠨ ᠪᠠᠶᠢᠴᠠᠭᠠᠯᠲᠠ ᠥᠷᠨᠢᠭᠦᠯᠵᠦ᠂ ᠵᠠᠷᠢᠮ ᠠᠰᠠᠭᠤᠳᠠᠯ ᠢ ᠢᠯᠡᠷᠡᠭᠦᠯᠪᠡ᠂ ᠴᠡᠭᠴᠡᠯᠡᠨ | ᠰᠠᠶᠢᠵᠢᠷᠠᠭᠤᠯᠬᠤ ᠶᠢ ᠲᠥᠪ ᠴᠢᠩᠭ᠎ᠠ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠤᠯᠤᠰ ᠲᠥᠷᠥ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠪᠠᠨ | ᠯᠠᠪᠳᠠᠭᠤᠨ ᠪᠠᠲᠤᠲᠠᠢ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠵᠦ ᠲᠥᠯᠥᠪᠯᠡᠭᠡ᠂ ᠶᠡᠷᠦᠩᠬᠡᠢ ᠲᠥᠯᠦᠪᠵᠢᠭᠦᠯᠭᠡ ᠶᠢ ᠴᠢᠩᠭᠠᠳᠬᠠᠵᠤ᠂ ᠡᠯ᠎ᠡ | ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠡᠷᠡᠰ ᠠᠬᠢᠭᠤᠯᠬᠤ ᠬᠡᠷᠡᠭᠲᠡᠢ᠃ ᠤᠳᠤᠷᠢᠳᠬᠤ | ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠷ᠎ᠠ ᠪᠠᠷ ᠢᠶᠠᠨ ᠦᠢᠯᠡᠳᠬᠦ᠂ ᠠᠵᠢᠯ ᠬᠢᠬᠦ ᠦᠭᠡᠢ᠂ ᠬᠢᠬᠦ ᠵᠣᠷᠢᠭ ᠦᠭᠡᠢ᠂ | ᠬᠢᠬᠦ ᠳᠡᠭᠡᠨ ᠴᠢᠳᠠᠮᠠᠭᠠᠢ ᠪᠤᠰᠤ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠳᠤᠷᠢᠳᠬᠤ ᠺᠠᠳ᠋ᠷ ᠤᠨ ᠳᠠᠪᠰᠢᠵᠤ | ᠪᠠᠭᠤᠵᠤ ᠪᠦᠷ ᠪᠤᠯᠬᠤ ᠶᠢ ᠪᠠᠶᠢᠩᠭᠤᠵᠢᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ | ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ | ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ 2025 ᠣᠨ ᠪᠣᠯ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠠᠬᠢᠭᠤᠯᠬᠤ | ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ | ᠦᠢᠯᠡᠴᠢᠯᠡᠬᠦ ᠶᠢ ᠪᠠᠷᠢᠮᠲᠠᠯᠠᠵᠤ᠂ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠨᠠᠮ ᠤᠨ ᠲᠥᠪ | ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠬᠢᠨᠠᠯᠲᠠ ᠲᠠᠯᠪᠢᠬᠤ ᠭᠤᠣᠯᠳᠠᠯᠭ᠎ᠠ ᠪᠠᠨ ᠪᠤᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ ᠴᠢᠩᠭ᠎ᠠ | ᠪᠠᠶᠢᠬᠤ ᠭᠦᠭ ᠠᠶᠠᠰ ᠢ ᠪᠠᠷᠢᠮᠲᠠᠯᠠᠵᠤ᠂ ᠭᠤᠣᠯᠳᠠᠯᠭ᠎ᠠ ᠲᠠᠢ ᠠᠰᠠᠭᠤᠳᠠᠯ᠂ ᠭᠤᠣᠯᠳᠠᠯᠭ᠎ᠠ ᠲᠠᠢ ᠬᠦᠷᠢᠶ᠎ᠡ᠂ | ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ᠂ ︽ᠨᠢᠭᠡᠳᠦᠭᠡᠷ ᠬᠠᠷᠢᠭᠤᠴᠠᠯᠭᠠᠲᠠᠨ︾ ᠪᠣᠯᠣᠨ ᠤᠳᠤᠷᠢᠳᠬᠤ | ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠢ᠃ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠶᠡᠷᠦᠩᠬᠡᠶᠢᠯᠡᠨ | ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠲᠣᠭᠤᠷᠢᠨ ᠪᠠᠶᠢᠴᠠᠭᠠᠯᠲᠠ ᠪᠠ ᠪᠤᠰᠤᠳ ᠬᠢᠨᠠᠯᠲᠠ ᠶᠢ ᠨᠡᠪᠲᠡᠷᠡᠯᠴᠡᠭᠦᠯᠦᠨ | ᠵᠣᠬᠢᠴᠠᠭᠤᠯᠬᠤ ᠶᠢ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠦᠨᠡᠨ ᠠᠴᠠ ᠵᠥᠪ ᠢ | ᠡᠷᠢᠬᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠶᠢ ᠪᠠᠷᠢᠮᠲᠠᠯᠠᠵᠤ᠂ ᠲᠦᠷᠦ ᠶᠢᠨ | ᠪᠣᠳᠣᠯᠭ᠎ᠠ ᠶᠢ ᠣᠨᠣᠪᠴᠢᠲᠠᠢ ᠡᠵᠡᠮᠳᠡᠵᠦ᠂ ᠠᠰᠠᠭᠤᠳᠠᠯ ᠢ ᠦᠨᠡᠨ ᠮᠥᠨ ᠢᠶᠠᠷ ᠨᠢ ᠲᠤᠰᠬᠠᠵᠤ᠂ ᠰᠠᠬᠢᠯᠭ᠎ᠠ ᠪᠠᠲᠤ ᠶᠢᠨ | ᠤᠬᠠᠮᠰᠠᠷ ᠪᠣᠯᠣᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠳᠣᠲᠣᠭᠠᠳᠤ ᠶᠢᠨ ᠬᠠᠮᠢᠶᠠᠷᠤᠯᠲᠠ ᠬᠢᠨᠠᠯᠲᠠ ᠶᠢ | ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |