︽ᠤᠯᠠᠭᠠᠨ ᠮᠤᠶᠢᠯ +︾ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠬᠦᠳᠡᠭᠡ ᠳᠤᠰᠬᠤᠨ ᠤ ᠬᠦᠭᠵᠢᠯ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2025/4/12
      2019 ᠤᠨ ᠳᠤ ᠵᠢᠷᠦᠬᠡ ᠪᠠᠯᠭᠠᠰᠤᠨ ᠤ ᠬᠤᠩᠭᠤᠷᠠᠤᠪᠤᠭ᠎ᠠ ᠳᠤᠰᠬᠤᠨ ᠤᠯᠠᠭᠠᠨ ᠮᠤᠶᠢᠯ ᠤᠨ ᠠᠵᠤ ᠦᠢᠯᠡᠰ ᠢᠶᠠᠨ ᠡᠬᠢᠯᠡᠬᠦᠯᠦᠭᠰᠡᠨ ᠠᠴᠠ ᠨᠠᠰᠢ᠂ ᠵᠢᠯ ᠳᠠᠷᠠᠭᠠᠯᠠᠨ ᠬᠡᠪᠴᠢᠶ᠎ᠡ ᠪᠠᠨ ᠤᠯᠠᠮ ᠦᠷᠭᠡᠳᠬᠡᠨ᠂ ᠵᠤᠭᠠᠴᠠᠯ ᠰᠡᠯᠡᠬᠦᠴᠡᠯ ᠤᠨ ᠦᠢᠯᠡᠴᠢᠯᠡᠭᠡ ᠶᠢ ᠤᠶᠠᠯᠳᠤᠭᠤᠯᠤᠨ᠂ ᠠᠷᠠᠳ ᠤᠯᠠᠨ ᠳᠤ ᠪᠤᠬᠢᠷᠳᠤᠯ ᠦᠬᠡᠢ ᠪᠠᠶᠢᠭᠠᠯᠢᠯᠢᠭ ᠮᠤᠶᠢᠯ ᠵᠢᠮᠢᠰ ᠠᠮᠳᠠᠯᠠᠬᠤ ᠪᠠ ᠵᠢᠮᠢᠰ ᠳᠡᠬᠦᠬᠦ ᠬᠠᠪᠤ ᠴᠡᠩᠭᠡᠯ ᠢ ᠪᠡᠶᠡᠴᠢᠯᠡᠨ ᠤᠶᠢᠯᠠᠭᠠᠬᠤ ᠪᠤᠯᠤᠮᠵᠢ ᠬᠠᠩᠭᠠᠵᠤ᠂ ᠳᠤᠰᠬᠤᠨ  ᠤ ᠤᠯᠠᠨ ᠲᠦᠮᠡᠨ ᠤ ᠪᠠᠶᠠᠵᠢᠯ ᠤᠨ ᠦᠢᠯᠡᠰ᠂ ᠬᠦᠳᠡᠭᠡ ᠳᠤᠰᠬᠤᠨ ᠤ ᠬᠦᠭᠵᠢᠯ ᠤᠨ ᠰᠢᠨ᠎ᠡ ᠬᠦᠴᠦᠨ ᠪᠤᠯᠤᠭᠰᠠᠨ ᠪᠠᠶᠢᠨ᠎ᠠ᠃     ᠵᠢᠷᠦᠬᠡ ᠪᠠᠯᠭᠠᠰᠤᠨ ᠤ ᠬᠤᠩᠭᠤᠷᠠᠤᠪᠤᠭ᠎ᠠ ᠳᠤᠰᠬᠤᠨ ᠤ ᠤᠯᠠᠭᠠᠨ ᠮᠤᠶᠢᠯ ᠤᠨ ᠬᠦᠯᠡᠮᠵᠢ ᠳᠤ ᠤᠷᠤᠬᠤ ᠳᠤ᠂ ᠵᠢᠮᠢᠰ ᠢᠶᠠᠨ ᠳᠠᠭᠠᠭᠠᠵᠤ ᠶᠠᠳᠠᠭᠰᠠᠨ ᠮᠤᠳᠤᠳ ᠤᠨ ᠮᠦᠴᠢᠷ ᠰᠠᠯᠠᠭ᠎ᠠ ᠪᠦᠬᠦᠨ ᠳᠤ ᠨᠢ ᠪᠠᠭᠰᠢᠷᠠᠨ ᠬᠠᠷᠠᠭᠳᠠᠬᠤ ᠤᠯᠠᠯᠵᠠᠨ ᠪᠤᠯᠪᠠᠰᠤᠷᠠᠭᠰᠠᠨ ᠤᠯᠠᠭᠠᠨ ᠮᠤᠶᠢᠯ ᠬᠦᠷᠦᠭᠰᠡᠨ ᠪᠦᠬᠦᠨ ᠤ ᠳᠤᠷ᠎ᠠ ᠶᠢ ᠪᠤᠯᠢᠶᠠᠨ᠎ᠠ᠃ ᠰᠣᠯᠠ ᠰᠡᠯᠡᠬᠦᠦ ᠴᠠᠭ ᠢᠶᠠᠷ ᠢᠶᠠᠨ ᠬᠦᠳᠡᠭᠡ ᠳᠤᠰᠬᠤᠨ ᠳᠤ ᠵᠢᠭᠤᠯᠴᠢᠯᠠᠨ᠂ ᠪᠠᠶᠢᠭᠠᠯᠢ ᠲᠠᠢ ᠤᠶᠢᠷᠠᠳᠴᠤ ᠪᠡᠶ᠎ᠡ ᠰᠡᠳᠬᠢᠯ ᠢᠶᠠᠨ ᠠᠮᠠᠷᠠᠭᠠᠬᠤ ᠨᠢ ᠪᠤᠮᠠ ᠪᠤᠵᠢᠭᠢᠨᠠᠵᠤ ᠳᠦᠮᠡ ᠲᠦᠵᠢᠭᠢᠨᠡᠭᠰᠡᠨ ᠬᠤᠳᠠ ᠤᠷᠤᠭᠤ ᠴᠢᠭᠯᠡᠬᠦ ᠠᠴᠠ ᠢᠯᠡᠬᠦᠦ ᠪᠤᠯᠤᠭᠰᠠᠨ ᠡᠨᠡ ᠴᠠᠭ ᠲᠤ᠂ ᠪᠠᠢ ᠠᠪᠠᠭ᠋ᠠᠢ ᠬᠦᠭᠵᠢᠯ ᠬᠤᠷᠤᠶᠢᠯᠠᠭᠰᠠᠨ ᠬᠦᠳᠡᠭᠡ ᠳᠤᠰᠬᠤᠨ ᠤ ᠰᠢᠨ᠎ᠡ ᠲᠦᠷᠬᠦ ᠶᠢ ᠬᠠᠷᠠᠵᠤ᠂ ᠪᠤᠬᠢᠷᠳᠤᠯ ᠦᠬᠡᠢ ᠪᠠᠶᠢᠭᠠᠯᠢᠯᠢᠭ ᠵᠢᠮᠢᠰ ᠳᠡᠬᠦᠬᠦ ᠬᠡᠮᠡᠨ ᠬᠤᠩᠭᠤᠷᠠᠤᠪᠤᠭ᠎ᠠ ᠳᠤᠰᠬᠤᠨ ᠳᠤ ᠢᠷᠡᠭᠰᠡᠨ ᠪᠠᠶᠢᠯ᠎ᠠ᠃     ᠵᠢᠭᠤᠯᠴᠢᠯᠠᠭᠴᠢ ᠪᠠᠶ ᠠᠪᠠᠭ᠋ᠠᠶ ︵ᠥᠨᠥᠳᠦᠷ ᠨᠠᠶᠢᠵᠠ ᠲᠠᠢ ᠪᠠᠨ ᠬᠠᠮᠲᠤ ᠤᠯᠠᠭᠠᠨ ᠮᠤᠶᠢᠯ ᠲᠡᠭᠦᠵᠦ᠂ ᠵᠢᠮᠢᠰ ᠲᠡᠭᠦᠬᠦ ᠶᠢᠨ ᠪᠠᠶᠠᠷ ᠪᠠᠭ᠋ᠠᠳᠤᠯ ᠢ ᠪᠡᠶᠡᠴᠢᠯᠡᠨ ᠣᠶᠢᠯᠠᠭᠠᠵᠤ᠂ ᠪᠠᠰᠠ ᠰᠢᠨ᠎ᠡ ᠰᠣᠷᠭᠤᠭ ᠵᠢᠮᠢᠰ ᠠᠮᠳᠠᠯᠠᠯ᠎ᠠ᠃ ᠪᠢᠳᠡᠨ ᠳᠤ ᠵᠤᠭᠠᠴᠠᠬᠤ ᠳᠤ ᠲᠥᠬᠦᠮ ᠨᠥᠬᠦᠴᠡᠯ ᠬᠠᠩᠭᠠᠵᠠᠶ᠃︶ᠳᠠᠷᠢᠮᠠᠯ ᠤᠨ ᠬᠦᠯᠡᠮᠵᠢ ᠳᠤ ᠬᠦᠷᠴᠦ ᠵᠢᠮᠢᠰ ᠳᠡᠬᠦᠬᠦ ᠨᠢ ᠳᠡᠯᠭᠡᠭᠦᠷ ᠠᠴᠠ ᠬᠤᠳᠠᠯᠳᠤᠵᠤ ᠠᠪᠬᠤ ᠶᠢ ᠪᠤᠳᠤᠪᠠᠯ᠂ ᠰᠢᠨ᠎ᠡ ᠰᠤᠷᠭᠤᠭ ᠮᠦᠷᠳᠡᠭᠡᠨ ᠵᠢᠮᠢᠰ ᠳᠡᠬᠦᠬᠦ ᠬᠠᠪᠤ ᠴᠡᠩᠭᠡᠯ ᠢ ᠪᠡᠶᠡᠴᠢᠯᠡᠨ ᠮᠡᠳᠡᠷᠡᠳᠡᠭ ᠪᠤᠯᠬᠤᠷ᠂ ᠳᠡᠬᠦᠵᠦ ᠠᠪᠤᠮᠠᠭᠴᠠ ᠢᠳᠡᠵᠦ ᠪᠤᠯᠬᠤ ᠪᠤᠬᠢᠷᠳᠤᠯ ᠦᠬᠡᠢ ᠵᠢᠮᠢᠰ ᠤᠷᠭᠤᠭᠤᠯᠬᠤ ᠡᠬᠦᠳᠡᠨ ᠠᠴᠠ ᠤᠯᠠᠭᠠᠨ ᠮᠤᠶᠢᠯ ᠤᠨ ᠳᠠᠷᠢᠶᠠᠨ ᠳᠤ ᠪᠠᠶᠢᠭᠠᠯᠢᠯᠢᠭ ᠪᠤᠷᠳᠤᠭᠤᠷ ᠤᠷᠤᠭᠤᠯᠵᠤ᠂ ᠳᠠᠷᠢᠶᠠᠨ ᠡᠮ ᠬᠡᠷᠡᠭᠯᠡᠳᠡᠭ ᠦᠬᠡᠢ ᠤᠴᠢᠷ ᠠᠴᠠ ᠵᠢᠮᠢᠰ ᠨᠢ ᠳᠤᠮᠤ᠂ ᠦᠨᠦᠷ ᠠᠮᠳᠠ ᠨᠢ ᠰᠠᠶᠢᠬᠠᠨ᠂ ᠰᠢᠬᠦᠰᠦᠯᠢᠭ ᠪᠠᠶᠢᠳᠠᠭ ᠢᠶᠠᠷ ᠢᠶᠠᠨ ᠭᠡᠷᠡᠭᠯᠡᠭᠴᠢᠳ ᠤᠨ ᠬᠦᠷᠢᠶᠡᠯᠡᠯ ᠢ ᠤᠯᠠᠮ ᠢᠯᠡᠬᠦᠦ ᠤᠯᠵᠤ ᠪᠠᠶᠢᠨ᠎ᠠ᠃     ᠵᠢᠷᠦᠬᠡ ᠪᠠᠯᠭᠠᠰᠤᠨ ᠤ ᠬᠤᠩᠭᠤᠷᠠᠤᠪᠤᠭ᠎ᠠ ᠲᠣᠰᠬᠤᠨ ᠤ ᠤᠯᠠᠭᠠᠨ ᠮᠤᠶᠢᠯ ᠤᠨ ᠬᠦᠯᠡᠮᠵᠢ ᠶᠢᠨ ᠬᠠᠷᠢᠭᠤᠴᠠᠯᠭᠠᠲᠠᠨ ᠹᠠᠨ ᠼᠦᠩ ᠬᠤᠶ ︵ᠪᠢᠳᠡ ᠳᠠᠷᠢᠶᠠᠨ ᠳᠤ ᠪᠠᠨ ᠬᠤᠨᠢᠨ ᠤ ᠬᠤᠷᠭᠤᠯ ᠢᠶᠠᠷ ᠪᠤᠷᠳᠤᠭᠤᠷ ᠬᠢᠵᠦ᠂ ᠬᠢᠮᠢ ᠶᠢᠨ ᠪᠣᠷᠲᠣᠭᠤᠷ᠂ ᠳᠠᠷᠢᠶᠠᠨ ᠡᠮ ᠭᠡᠷᠡᠭᠯᠡᠳᠡᠭ ᠥᠬᠡᠶ᠂ ᠡᠶᠢᠮᠦ ᠠᠴᠠ ᠮᠠᠨ ᠤ ᠠᠳᠡᠬᠢ ᠶᠢᠨ ᠵᠢᠮᠢᠰ ᠨᠢ ᠲᠣᠮᠣ᠂ ᠰᠢᠬᠢᠷᠯᠢᠭ᠂ ᠰᠢᠬᠦᠰᠦᠯᠢᠭ᠂ ᠠᠮᠲᠠ ᠨᠢ ᠮᠠᠰᠢ ᠰᠠᠶᠢᠬᠠᠨ ᠮᠥᠷᠲᠡᠭᠡᠨ ᠪᠢᠳᠡ ᠳᠤᠯᠠᠭᠠᠨ ᠤ ᠬᠠᠮᠢᠶᠠᠷᠤᠯᠲᠠ ᠪᠠᠷ ᠳᠡᠮᠵᠢᠨ᠂ ᠪᠣᠯᠪᠠᠰᠤᠷᠠᠬᠤ ᠴᠠᠭ ᠤᠨ ᠵᠠᠢ ᠶᠢ ᠨᠢ ᠵᠦᠷᠢᠬᠦᠯᠵᠦ᠂ ᠵᠤᠭᠠᠴᠠᠭᠰᠠᠳ ᠲᠤ ᠰᠢᠨ᠎ᠡ ᠰᠣᠷᠭᠤᠭ ᠵᠢᠮᠢᠰ ᠳᠡᠬᠦᠬᠦ ᠬᠤᠭᠤᠴᠠᠭ᠎ᠠ ᠶᠢ ᠨᠢ ᠤᠷᠳᠤᠰᠬᠠᠵᠤ ᠪᠠᠶᠢᠨ᠎ᠠ᠃ ᠤᠯᠠᠨ ᠤ ᠵᠢᠮᠢᠰ ᠳᠡᠬᠦᠵᠦ ᠠᠮᠳᠠᠯᠠᠬᠤ ᠪᠠᠷ ᠢᠷᠡᠬᠦ ᠶᠢ ᠪᠠᠶᠠᠷᠯᠠᠨ ᠤᠭᠳᠤᠵᠤ ᠪᠠᠶᠢᠨ᠎ᠠ᠃︶      ᠵᠢᠷᠦᠬᠡ ᠪᠠᠯᠭᠠᠰᠤᠨ ᠤ ᠬᠤᠩᠭᠤᠷᠠᠤᠪᠤᠭ᠎ᠠ ᠲᠣᠰᠬᠤᠨ ᠤ ᠤᠯᠠᠭᠠᠨ ᠮᠤᠶᠢᠯ ᠤᠨ ᠬᠦᠯᠡᠮᠵᠢ ᠨᠢ ᠲᠠᠷᠢᠶᠠᠯᠠᠩ ᠪᠠ ᠵᠢᠭᠤᠯᠴᠢᠯᠠᠯ ᠢ ᠬᠠᠮᠳᠤ ᠳᠤᠨᠢ ᠬᠦᠭᠵᠢᠬᠦᠯᠬᠦ ᠶᠢ ᠪᠠᠷᠢᠮᠳᠠᠯᠠᠨ᠂ ᠬᠥᠳᠡᠭᠡ ᠠᠵᠤ ᠠᠬᠤᠶ ᠳᠤ ᠲᠦᠰᠢᠭᠯᠡᠨ ᠵᠢᠭᠤᠯᠴᠢᠯᠠᠯ ᠤᠨ ᠰᠢᠨ᠎ᠡ ᠬᠦᠷᠢᠶ᠎ᠡ ᠶᠢ ᠨᠡᠭᠡᠭᠡᠨ ᠬᠦᠭᠵᠢᠬᠦᠯᠵᠦ᠂ ᠵᠢᠭᠤᠯᠴᠢᠯᠠᠯ ᠳᠤ ᠲᠦᠰᠢᠭᠯᠡᠨ ᠲᠠᠷᠢᠶᠠᠯᠠᠩ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ︽ᠤᠯᠠᠭᠠᠨ ᠮᠤᠶᠢᠯ +︾ ᠠᠭᠤᠰᠤᠯᠴᠠᠭᠤᠯᠤᠨ ᠬᠥᠭᠵᠢᠭᠦᠯᠬᠦ ᠠᠵᠢᠯ ᠢ ᠰᠠᠶᠢᠲᠤᠷ ᠬᠢᠵᠦ᠂ ᠡᠨᠡ ᠵᠢᠯ ᠤᠨ ᠭᠠᠷᠤᠯᠳᠠ ᠨᠢ 6000 ᠭᠠᠷᠤᠢ ᠵᠢᠩ ᠳᠤ ᠬᠦᠷᠴᠦ᠂ ᠣᠷᠣᠯᠭ᠎ᠠ ᠨᠢ ᠵᠢᠱᠢᠯᠲᠡ ᠪᠠᠷ 30 ᠭᠠᠷᠤᠢ ᠲᠦᠮᠡᠨ ᠲᠥᠭᠦᠷᠢᠭ ᠲᠤ ᠬᠦᠷᠬᠦ ᠪᠣᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号