︽ᠤᠰᠤ ᠶᠢ ᠨᠢ ᠤᠤᠭᠤᠪᠠᠯ ᠡᠬᠢ ᠶᠢ ᠨᠢ ᠰᠠᠨᠠ︾ ᠭᠡᠳᠡᠭ ᠢᠶᠠᠷ᠂ ᠠᠴᠠᠳᠤᠠᠠᠭᠤᠯᠠ ᠰᠤᠮᠤᠨ ᠤ | ᠰᠠᠶᠢᠬᠠᠨᠰᠢᠯᠢ ᠭᠠᠴᠠᠭᠠᠨ ᠤ ᠮᠠᠯᠴᠢᠨ ᠲᠦᠮᠡᠨᠵᠢᠷᠭᠠᠯ ᠬᠢᠮᠳᠠ ᠡᠪᠡᠰᠦ ᠪᠤᠷᠳᠤᠭ᠎ᠠ ᠪᠤᠷᠤᠯᠠᠭᠤᠯᠬᠤ᠂ ᠮᠠᠯᠴᠢᠳ ᠢᠶᠠᠨ | ᠳᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠬᠦ ᠵᠡᠷᠭᠡ ᠪᠤᠳᠠᠳᠤ ᠠᠵᠢᠯᠯᠠᠭ᠎ᠠ ᠪᠠᠷ ᠢᠶᠠᠨ ᠤᠨᠠᠵᠤ ᠲᠦᠷᠦᠭᠰᠡᠨ ᠨᠤᠳᠤᠭ | ᠤᠨ ᠢᠶᠠᠨ ᠵᠤᠨ ᠤᠯᠠᠨ ᠳᠤ ᠳᠤᠰᠠ ᠪᠠᠨ ᠬᠦᠷᠭᠡᠬᠦ ᠶᠢ ᠬᠢᠴᠢᠶᠡᠨ᠂ ᠮᠠᠯᠴᠢᠨ ᠲᠦᠮᠡᠨ ᠤ ᠪᠠᠨ ᠬᠦᠷᠢᠶᠡᠯᠡᠯ ᠢ ᠤᠯᠵᠤ | ᠪᠠᠶᠢᠨ᠎ᠠ᠃ | ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠶᠠᠭ ᠰᠠᠶᠢᠬᠠᠨ ᠶᠠᠪᠤᠭᠳᠠᠵᠤ ᠪᠠᠶᠢᠭ᠎ᠠ ᠴᠠᠭ ᠲᠤ᠂ | ᠠᠴᠠᠳᠤᠠᠠᠭᠤᠯᠠ ᠰᠤᠮᠤᠨ ᠤ ᠰᠠᠶᠢᠬᠠᠨᠰᠢᠯᠢ ᠭᠠᠴᠠᠭᠠᠨ ᠤ ᠳᠠᠷᠠᠰᠤᠲᠠᠢ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ | ᠰᠠᠭᠤᠷᠢᠨ ᠳᠤ ᠪᠦᠬᠦᠯᠢ ᠡᠳᠦᠷ ᠤᠨ ᠬᠤᠯᠢᠮᠠᠭ ᠪᠤᠷᠳᠤᠭ᠎ᠠ ᠨᠠᠶᠢᠷᠠᠭᠤᠯᠤᠨ ᠪᠤᠭᠤᠳᠠᠯᠯᠠᠬᠤ ᠠᠵᠢᠯ ᠶᠠᠭᠠᠷᠠᠯᠳᠠᠢ | ᠶᠠᠪᠤᠭᠳᠠᠨ᠂ ᠲᠦᠮᠡᠨᠵᠢᠷᠭᠠᠯ ᠮᠠᠯᠴᠢᠳ ᠤᠨ ᠵᠠᠬᠢᠶᠠᠯᠠᠭ᠎ᠠ ᠶᠢ ᠨᠢᠭᠡᠳ ᠨᠢᠭᠡ ᠪᠠᠷ ᠪᠦᠷᠢᠳᠭᠡᠨ᠂ ᠮᠠᠰᠢᠨ ᠳᠤ ᠨᠢ | ᠠᠴᠢᠵᠤ ᠦᠭᠭᠦᠨ᠎ᠡ᠃ | ᠮᠠᠯᠴᠢᠨ ᠠᠭᠤᠯᠠ ︵ᠡᠨᠡ ᠬᠡᠳᠦᠨ ᠡᠳᠦᠷ ᠶᠠᠭ ᠰᠠᠶᠢᠬᠠᠨ ᠬᠠᠪᠤᠷ ᠤᠨ ᠬᠠᠰᠢᠶᠠᠯᠠᠭ᠎ᠠ ᠬᠢᠵᠦ᠂ ᠲᠡᠵᠢᠭᠡᠯ | ᠪᠣᠷᠳᠤᠭ᠎ᠠ ᠠᠪᠬᠤ ᠪᠠᠷ ᠢᠷᠡᠵᠡᠢ᠃ ᠲᠦᠮᠡᠨᠵᠢᠷᠭᠠᠯ ᠤᠨ ᠡᠨᠡ ᠡᠪᠡᠰᠦ ᠦᠨ᠎ᠡ ᠨᠢ ᠬᠢᠮᠳᠠ᠂ ᠬᠡᠷ ᠠᠴᠠ ᠣᠶᠢᠷᠠᠬᠠᠨ᠂ | ᠶᠠᠰᠤ ᠴᠢᠨᠠᠷ ᠨᠢ ᠴᠦ ᠰᠠᠶᠢᠨ᠃ ᠪᠢᠳᠡ ᠲᠡᠭᠦᠨ ᠢ ᠮᠠᠰᠢ ᠢᠲᠡᠭᠡᠳᠡᠭ ᠪᠣᠯᠬᠤᠷ ᠴᠥᠮ ᠲᠡᠭᠦᠨ ᠤ ᠠᠳᠡ ᠠᠴᠠ | ᠢᠷᠡᠵᠦ ᠠᠪᠳᠠᠭ ᠶᠤᠮ᠃︶ | ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ | ᠲᠦᠮᠡᠨᠵᠢᠷᠭᠠᠯ ᠪᠠᠷᠤᠭ ᠡᠳᠦᠷ ᠪᠦᠷᠢ ᠰᠠᠭᠤᠷᠢᠨ ᠭᠠᠵᠠᠷ ᠲᠤ ᠪᠠᠨ ᠶᠠᠭᠠᠷᠠᠵᠤ ᠯᠡ ᠪᠠᠶᠢᠳᠠᠭ᠃ ᠬᠠᠪᠤᠷ ᠤᠨ ᠤᠯᠠᠷᠢᠯ | ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠰᠠᠭᠤᠷᠢᠨ ᠭᠠᠵᠠᠷ ᠴᠤ ᠣᠨᠴᠠᠭᠠᠶ ᠶᠠᠭᠠᠷᠠᠯᠲᠠᠶ ᠴᠠᠭ ᠦᠶ᠎ᠡ ᠳᠤ | ᠤᠷᠤᠵᠤ᠂ ᠲᠡᠵᠢᠬᠡᠯ ᠪᠤᠷᠳᠤᠭ᠎ᠠ ᠡᠳ᠋ᠰᠢᠬᠦᠯᠬᠦ ᠵᠠᠬᠢᠶᠠᠯᠠᠭ᠎ᠠ ᠳᠠᠰᠤᠷᠠᠬᠤ ᠦᠬᠡᠢ ᠪᠤᠯᠵᠠᠢ᠃ | ᠮᠠᠯᠴᠢᠨ ᠲᠦᠮᠡᠨᠵᠢᠷᠭᠠᠯ ︵ᠮᠠᠨ ᠤ ᠡᠳ᠋ᠰᠢᠭᠦᠯᠵᠦ ᠪᠣᠯᠪᠠᠰᠤᠷᠠᠭᠤᠯᠬᠤ ᠰᠦᠢᠳᠭᠡᠯ ᠨᠢᠭᠡ ᠲᠣᠨ ᠳᠤ ᠪᠠᠨ 300 | ᠲᠥᠭᠦᠷᠢᠭ᠂ ᠲᠤᠬᠠᠶ ᠶᠢᠨ ᠭᠠᠵᠠᠷ ᠤᠨ ᠮᠠᠯᠴᠢᠳ ᠲᠣᠨ ᠪᠦᠷᠢ 300 ᠲᠥᠭᠦᠷᠢᠭ ᠤᠨ ᠵᠠᠰᠠᠭ ᠤᠨ ᠣᠷᠳᠣᠨ ᠤ | ᠨᠦᠬᠦᠪᠦᠷᠢ ᠭᠥᠷᠳᠡᠵᠦ ᠪᠣᠯᠤᠨ᠎ᠠ᠂ ᠲᠡᠭᠡᠪᠡᠯ ᠲᠡᠳᠡᠨ ᠳᠤ ᠵᠦᠭᠡᠷ ᠡᠳ᠋ᠰᠢᠭᠦᠯᠵᠦ ᠥᠭᠭᠦᠭᠰᠡᠨ ᠲᠠᠢ ᠠᠳᠠᠯᠢᠬᠠᠨ᠃︶ | ᠲᠦᠷᠦᠬᠦᠦ ᠬᠡᠳᠦᠨ ᠵᠢᠯ ᠡᠳᠡᠨᠡᠶᠢᠬᠢᠨ ᠳᠤ᠂ ᠪᠠᠶᠢᠩᠭᠤ ᠶᠢᠨ ᠴᠠᠬᠢᠯᠭᠠᠨ ᠨᠡᠪᠳᠡᠷᠡᠭᠡ ᠦᠭᠡᠢ ᠪᠠᠶᠢᠭᠰᠠᠨ ᠦᠶ᠎ᠡ | ᠳᠤ ᠴᠦ ᠲᠦᠮᠡᠨᠵᠢᠷᠭᠠᠯ ᠴᠠᠶᠢᠶ᠋ᠢᠦ ᠮᠠᠰᠢᠨ ᠢᠶᠠᠷ ᠴᠠᠬᠢᠯᠭᠠᠨ ᠭᠠᠷᠭᠠᠵᠤ ᠲᠡᠵᠢᠬᠡᠯ ᠪᠤᠷᠳᠤᠭ᠎ᠠ ᠡᠳ᠋ᠰᠢᠬᠦᠯᠦᠨ᠂ ᠮᠠᠯᠴᠢᠳ | ᠲᠤ ᠪᠠᠨ ᠳᠤᠤᠷ᠎ᠠ ᠦᠨ᠎ᠡ ᠪᠠᠷ ᠦᠭᠳᠡᠭ ᠪᠠᠶᠢᠵᠠᠢ᠃ 2024 ᠣᠨ ᠤ 4 ᠰᠠᠷ᠎ᠠ ᠳᠤ᠂ ᠲᠦᠮᠡᠨᠵᠢᠷᠭᠠᠯ ᠰᠤᠮᠤᠨ ᠤ | ᠵᠠᠰᠠᠭ ᠤᠨ ᠣᠷᠳᠣᠨ ᠢᠶᠠᠷ ᠳᠠᠮᠵᠢᠨ᠂ ᠲᠡᠵᠢᠭᠡᠯ ᠪᠣᠷᠳᠤᠭ᠎ᠠ ᠡᠳ᠋ᠰᠢᠭᠦᠯᠬᠦ ᠰᠠᠭᠤᠷᠢᠨ ᠢ ᠳᠠᠭᠠᠭᠠᠴᠢᠯᠠᠵᠤ᠂ ᠪᠦᠬᠦᠯᠢ | ᠡᠳᠦᠷ ᠤᠨ ᠬᠤᠯᠢᠮᠠᠭ ᠪᠤᠷᠳᠤᠭ᠎ᠠ ᠦᠢᠯᠡᠳᠪᠦᠷᠢᠯᠡᠵᠦ ᠡᠳ᠋ᠰᠢᠭᠦᠯᠬᠦ ᠶᠢᠨ ᠬᠠᠮᠲᠤ ᠵᠠᠬ᠎ᠠ ᠳᠡᠯᠭᠡᠭᠦᠷ ᠤᠨ ᠦᠨ᠎ᠡ ᠠᠴᠠ | ᠳᠤᠤᠷ᠎ᠠ ᠦᠨ᠎ᠡ ᠪᠠᠷ ᠭᠠᠴᠠᠭᠠᠨ ᠤ ᠪᠠᠨ ᠮᠠᠯᠴᠢᠳ ᠲᠤ ᠪᠤᠷᠤᠯᠠᠭᠤᠯᠵᠤ ᠡᠬᠢᠯᠡᠵᠡᠢ᠃ | ᠮᠠᠯᠴᠢᠨ ᠲᠦᠮᠡᠨᠵᠢᠷᠭᠠᠯ ︵ᠮᠠᠨ ᠤ ᠬᠤᠷᠰᠢᠶᠠᠵᠢᠯ ᠮᠠᠯᠴᠢᠳ ᠤᠨ ᠡᠪᠡᠰᠦ ᠪᠤᠷᠳᠤᠭ᠎ᠠ ᠬᠤᠳᠠᠯᠳᠤᠨ ᠠᠪᠬᠤ | ᠥᠪᠡᠷ ᠤᠨ ᠥᠷᠲᠡᠭ ᠢ ᠪᠠᠭᠤᠷᠠᠭᠤᠯᠵᠤ᠂ ᠮᠦᠩᠭᠦ ᠶᠢ ᠨᠢ ᠠᠷᠪᠢᠯᠠᠬᠤ ᠶᠢᠨ ᠲᠥᠯᠥᠭᠡ ᠶᠤᠮ᠃ ᠬᠤᠰᠢᠭᠤᠨ ᠠᠴᠠ | ᠤᠴᠢᠵᠤ ᠠᠪᠬᠤ ᠳᠤ ᠵᠠᠮ ᠬᠤᠯᠠ᠂ ᠠᠳᠡ ᠠᠴᠠ ᠬᠤᠳᠠᠯᠳᠤᠨ ᠠᠪᠬᠤ ᠳᠤ ᠴᠠᠭ ᠲᠤ ᠠᠷᠪᠢᠲᠠᠶ ᠵᠠᠮ ᠤᠨ ᠵᠠᠷᠤᠳᠠᠯ | ᠢᠶᠠᠨ ᠴᠦ ᠠᠷᠪᠢᠯᠠᠴᠢᠬᠠᠨ᠎ᠠ᠂ ᠲᠠᠳᠠ ᠪᠠᠰᠠ ᠥᠪᠡᠷ ᠤᠨ ᠲᠦᠭᠦᠬᠡᠶ ᠮᠠᠲ᠋ᠧᠷᠢᠶᠠᠯ ᠢᠶᠠᠨ ᠠᠪᠴᠢᠷᠠᠵᠤ ᠡᠳ᠋ᠰᠢᠭᠦᠯᠵᠦ | ᠪᠣᠯᠤᠨ᠎ᠠ᠃ ᠢᠩᠭᠢᠪᠡᠯ ᠪᠠᠰᠠ ᠵᠣᠭᠤᠰ ᠢᠶᠠᠨ ᠠᠷᠪᠢᠯᠠᠵᠤ ᠴᠢᠳᠠᠨ᠎ᠠ᠃ ᠮᠢᠨᠦ ᠵᠣᠷᠢᠯᠭ᠎ᠠ ᠪᠣᠯ ᠲᠡᠳᠡᠨ ᠳᠤ ᠰᠠᠶᠢᠨ | ᠪᠤᠷᠳᠤᠭ᠎ᠠ ᠦᠢᠯᠡᠳᠪᠦᠷᠢᠯᠡᠵᠦ᠂ ᠵᠣᠭᠤᠰ ᠢ ᠨᠢ ᠠᠷᠪᠢᠯᠠᠵᠤ᠂ ᠥᠪᠡᠷ ᠤᠨ ᠥᠷᠲᠡᠭ ᠢ ᠨᠢ ᠪᠠᠭᠤᠷᠠᠭᠤᠯᠤᠨ᠎ᠠ᠃︶ | ᠡᠪᠡᠰᠦ ᠪᠣᠷᠳᠤᠭ᠎ᠠ ᠡᠳ᠋ᠰᠢᠭᠦᠯᠬᠦ ᠠᠴᠠ ᠭᠠᠳᠠᠨ᠎ᠠ᠂ ᠲᠦᠮᠡᠨᠵᠢᠷᠭᠠᠯ ᠪᠠᠰᠠ ᠳᠡᠷᠭᠡᠳᠡᠬᠢ ᠮᠠᠯᠴᠢᠳ ᠢᠶᠠᠨ | ᠢᠳᠡᠪᠬᠢᠲᠡᠢ ᠲᠠᠶᠢᠴᠢᠯᠠᠵᠥ ᠠᠵᠢᠯ ᠳᠤ ᠤᠷᠤᠯᠴᠠᠭᠤᠯᠤᠨ᠂ ᠤᠷᠤᠯᠭ᠎ᠠ ᠶᠢ ᠨᠢ ᠨᠡᠮᠡᠭᠳᠡᠬᠦᠯᠵᠦ ᠪᠠᠶᠢᠨ᠎ᠠ᠃ | ᠮᠠᠯᠴᠢᠨ ᠲᠦᠮᠡᠨᠵᠢᠷᠭᠠᠯ ︵ᠮᠠᠨ ᠤ ᠬᠤᠷᠰᠢᠶᠠᠵᠢᠯ ᠳᠤ ᠣᠷᠳᠣ ᠬᠤᠭᠤᠴᠠᠭᠠᠨ ᠤ ᠠᠵᠢᠯᠴᠢᠨ 3 ᠪᠠᠶᠢᠨ᠎ᠠ᠂ | ᠡᠳᠦᠷ ᠪᠦᠷᠢ 260 ᠲᠥᠭᠦᠷᠢᠭ᠂ ᠬᠥᠮᠦᠨ ᠪᠦᠷᠢ ᠰᠠᠷ᠎ᠠ ᠳᠤ ᠪᠠᠨ 7800 ᠲᠥᠭᠦᠷᠢᠭ ᠤᠨ ᠣᠷᠣᠯᠭ᠎ᠠ ᠣᠯᠤᠨ᠎ᠠ᠃ | ᠨᠢᠳᠤᠨᠤᠨ ᠡᠯᠡᠰᠦ ᠶᠢ ᠵᠠᠰᠠᠬᠤ ᠦᠶ᠎ᠡ ᠳᠤ᠂ ᠪᠢ ᠪᠠᠰᠠ ᠡᠯᠡᠰᠦᠨ ᠬᠠᠯᠬᠠᠪᠴᠢ ᠪᠠ ᠬᠦᠷᠢᠶ᠎ᠡ ᠬᠠᠰᠢᠶᠠᠨ ᠤ ᠠᠵᠢᠯ ᠢ | ᠳᠠᠭᠠᠭᠠᠴᠢᠯᠠᠵᠤ᠂ 40 ᠭᠠᠷᠤᠶ ᠬᠥᠮᠦᠨ ᠢ ᠳᠠᠶᠢᠴᠢᠯᠠᠵᠤ ᠤᠷᠤᠯᠭ᠎ᠠ ᠤᠯᠭᠤᠵᠠᠢ᠃ ᠲᠠᠳᠠ ᠢᠯᠡᠭᠦᠦ ᠠᠵᠢᠯᠯᠠᠪᠠᠯ | ᠢᠯᠡᠭᠦᠦ ᠣᠯᠤᠨ᠎ᠠ᠃︶ | ᠲᠦᠮᠡᠨᠵᠢᠷᠭᠠᠯ ᠪᠤᠯ ᠬᠦᠳᠡᠭᠡ ᠳᠤᠰᠬᠤᠨ ᠤ ᠬᠦᠭᠵᠢᠯ ᠳᠤ ᠬᠦᠴᠦᠨ ᠨᠡᠮᠡᠷᠢᠯᠡᠵᠦ ᠪᠠᠶᠢᠭ᠎ᠠ ᠴᠢᠳᠠᠪᠤᠷᠢᠯᠢᠭ | ᠵᠠᠯᠠᠭᠤᠰ ᠤᠨ ᠲᠦᠯᠦᠬᠡᠯᠡᠯ ᠪᠠᠶᠢᠵᠤ᠂ ᠬᠠᠯᠠᠭᠤᠨ ᠰᠡᠳᠬᠢᠯ ᠢᠶᠠᠷ ᠮᠠᠯᠴᠢᠳ ᠲᠤ ᠪᠠᠨ ᠶᠠᠭᠤ ᠨᠢᠬᠡ ᠶᠢ ᠬᠢᠵᠦ | ᠳᠤᠰᠠᠯᠠᠬᠤ ᠬᠡᠮᠡᠨ ᠵᠢᠳᠬᠦᠵᠦ ᠶᠠᠪᠤᠨ᠎ᠠ᠃ |