ᠬᠤᠰᠢᠭᠤ ᠬᠤᠶᠠᠳᠤᠭᠠᠷ ᠬᠡᠦᠭᠡᠳ ᠤᠨ ᠴᠡᠴᠡᠷᠯᠢᠭ ᠳᠡᠩᠴᠡᠬᠦᠷᠢᠰᠢᠯᠳᠦ ᠳᠤᠭᠤᠢ ᠶᠢᠨ ᠰᠤᠨᠢᠷᠬᠠᠯᠳᠤ ᠤᠷᠤᠯᠳᠤᠭᠠᠨ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2025/4/17
      ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠵᠤ᠂ ᠬᠡᠦᠬᠡᠳ ᠤᠨ ᠪᠡᠶ᠎ᠡ ᠲᠠᠮᠢᠷ ᠤᠨ ᠳᠤᠷ᠎ᠠ ᠰᠣᠨᠢᠷᠬᠠᠯ ᠢ ᠬᠥᠮᠦᠵᠢᠭᠦᠯᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠬᠤᠰᠢᠭᠤ ᠬᠤᠶᠠᠳᠤᠭᠠᠷ ᠬᠡᠦᠬᠡᠳ ᠤᠨ ᠴᠡᠴᠡᠷᠯᠢᠭ ᠬᠡᠦᠬᠡᠳ ᠤᠨ ᠳᠡᠩᠴᠡᠬᠦᠷᠢᠰᠢᠯᠳᠦ ᠳᠤᠭᠤᠢ ᠲᠡᠷᠭᠡᠨ ᠤ ᠰᠣᠨᠢᠷᠬᠠᠯᠲᠤ ᠤᠷᠤᠯᠳᠤᠭᠠᠨ ᠢ ᠠᠮᠵᠢᠯᠳᠠᠳᠠᠢ ᠡᠷᠬᠢᠯᠡᠵᠡᠢ᠃      ᠠᠵᠢᠯᠯᠠᠭᠠᠨ ᠤ ᠳᠤᠬᠠᠢ ᠶᠢᠨ ᠡᠳᠦᠷ ᠴᠡᠴᠡᠷᠯᠢᠭ ᠲᠦᠭᠦᠷᠡᠩ ᠪᠠᠶᠠᠷ ᠬᠦᠷ ᠴᠠᠯᠬᠢᠵᠤ᠂ ᠤᠯᠤᠰ ᠤᠨ ᠳᠤᠭ ᠮᠠᠳᠤᠭᠤᠯᠬᠤ ᠶᠤᠰᠤᠯᠠᠯ ᠢᠶᠠᠷ ᠠᠵᠢᠯᠯᠠᠭᠠᠨ ᠤ ᠬᠦᠰᠢᠬᠡ ᠶᠢ ᠰᠡᠬᠦᠵᠦ᠂ ᠳᠠᠮᠢᠷᠴᠢᠳ ᠤᠨ ᠲᠥᠯᠥᠭᠡᠯᠡᠭᠴᠢ ᠪᠠ ᠬᠢᠨᠠᠭᠴᠢᠳ ᠤᠨ ᠲᠥᠯᠥᠭᠡᠯᠡᠭᠴᠢ ᠳᠡᠰ ᠳᠠᠷᠠᠭᠠᠯᠠᠨ ᠲᠠᠩᠭᠠᠷᠢᠭᠯᠠᠵᠤ᠂ ᠪᠢᠴᠢᠬᠠᠨ ᠳᠠᠮᠢᠷᠴᠢᠳ ᠤᠨ ᠲᠥᠯᠥᠭᠡᠯᠡᠭᠴᠢ ᠵᠣᠷᠢᠭ ᠢᠶᠠᠨ ᠢᠯᠡᠳᠭᠡᠬᠦ ᠶᠠᠷᠢᠶ᠎ᠠ ᠬᠢᠵᠡᠢ᠃      ᠤᠷᠤᠯᠳᠤᠭᠠᠨ ᠤ ᠠᠬᠤᠢ ᠳᠠᠯᠠᠪᠠᠢ ᠳᠤ᠂  ᠪᠠᠭᠰᠢ᠂ ᠭᠡᠷ ᠤᠨ ᠠᠬᠠᠮᠠᠳ ᠤᠨ ᠤᠤᠬᠠᠶᠢᠯᠠᠯ ᠵᠤᠷᠢᠭᠵᠢᠭᠤᠯᠤᠯ ᠳᠤᠮᠳᠠ ᠪᠢᠴᠢᠬᠠᠨ ᠳᠠᠮᠢᠷᠴᠢᠳ ᠳᠤᠭᠤᠢ ᠳᠡᠷᠭᠡᠨ ᠤ ᠮᠡᠷᠭᠡᠵᠢᠯ ᠢᠶᠠᠨ ᠬᠦᠢᠴᠡᠳ ᠪᠠᠳᠠᠷᠠᠭᠤᠯᠤᠨ᠂ ᠵᠤᠷᠢᠭᠳᠠᠢ ᠪᠠᠷ ᠰᠠᠭᠠᠳ ᠰᠢᠪᠳᠤᠯᠤᠨ ᠱᠠᠯᠠᠮᠠᠭᠠᠢ ᠤᠷᠤᠯᠳᠤᠵᠠᠭᠠᠵᠤ᠂ ᠦᠵᠡᠭᠴᠢᠳ ᠢ ᠪᠠᠶᠠᠰᠬᠠᠨ ᠳᠤᠭᠳᠤᠯᠤᠭᠤᠯᠵᠤ ᠪᠠᠶᠢᠯ᠎ᠠ᠃     ᠬᠤᠰᠢᠭᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠶᠡᠭᠡ ᠭᠤᠷᠪᠠ ᠶᠢᠨ ᠸᠠᠩ ᠷᠦᠢ ︵ᠬᠡᠷᠪᠡ ᠡᠨᠡ ᠤᠳᠠᠭᠠᠨ ᠤ ᠤᠷᠤᠯᠳᠤᠭᠠᠨ ᠳᠤ ᠪᠢ ᠣᠶᠢᠴᠢᠪᠠᠯ ᠪᠣᠰᠴᠤ ᠵᠣᠭᠰᠣᠨ ᠳᠤᠭᠤᠶ ᠪᠠᠨ ᠤᠨᠤᠵᠤ ᠦᠷᠭᠦᠯᠵᠢᠯᠡᠨ ᠤᠷᠤᠯᠳᠤᠨ᠎ᠠ᠃ ᠪᠢ ᠳᠠᠩᠴᠡᠭᠦᠷᠢᠰᠢᠯᠳᠦ ᠳᠤᠭᠤᠢ ᠳᠤ ᠮᠠᠰᠢ ᠳᠤᠷᠠᠳᠠᠢ᠃ ᠲᠡᠷᠡ ᠨᠢ ᠮᠢᠨᠦ ᠬᠥᠳᠡᠯᠭᠡᠭᠡᠨ ᠤ ᠳᠤᠮᠳᠠᠬᠢ ᠲᠡᠩᠴᠡᠭᠦᠷᠢ ᠶᠢᠨ ᠴᠢᠳᠠᠪᠤᠷᠢ ᠶᠢ ᠰᠢᠭᠠᠳᠠᠭ ᠶᠤᠮ᠃︶     ᠳᠤᠰ ᠤᠳᠠᠭᠠᠨ ᠤ ᠤᠷᠤᠯᠳᠤᠭᠠᠨ ᠳᠤ᠂ ᠠᠳᠠᠯᠢ ᠪᠤᠰᠤ ᠨᠠᠰᠤᠨ ᠤ ᠱᠠᠲᠤ ᠶᠢ ᠦᠨᠳᠦᠰᠦᠯᠡᠨ ᠣᠯᠠᠨ ᠳᠤᠭᠤᠶᠢᠯᠠᠩ ᠲᠣᠬᠢᠷᠠᠭᠤᠯᠵᠤ᠂ ᠳᠤᠭᠤᠶᠢᠯᠠᠩ  ᠪᠦᠷᠢ ᠶᠢᠨ ᠥᠷᠢᠰᠥᠯᠳᠦᠭᠡᠨ  ᠨᠢ ᠬᠤᠷᠴᠠ ᠰᠢᠷᠦᠬᠦᠨ ᠬᠦᠭᠵᠢᠶᠡᠨᠳᠡᠢ  ᠶᠠᠪᠤᠭᠳᠠᠵᠤ᠂ ᠪᠠᠭᠰᠢᠨᠠᠷ ᠬᠡᠦᠬᠡᠳ  ᠤᠨ ᠠᠮᠤᠷ ᠲᠦᠪᠰᠢᠨ   ᠢ ᠨᠢᠳᠤ ᠰᠠᠯᠭᠠᠯ ᠦᠬᠡᠢ ᠠᠩᠬᠠᠷᠤᠨ  ᠬᠠᠮᠠᠭᠠᠯᠠᠵᠤ  ᠪᠠᠶᠢᠯ᠎ᠠ᠃     ᠤᠷᠤᠯᠳᠤᠭᠠᠨ ᠢᠶᠠᠷ ᠳᠡᠮᠵᠢᠨ᠂ ᠬᠡᠦᠬᠡᠳ ᠤᠨ ᠪᠡᠶ᠎ᠡ ᠲᠠᠮᠢᠷ ᠤᠨ ᠬᠥᠳᠡᠯᠭᠡᠭᠡᠨ ᠤ ᠳᠤᠷ᠎ᠠ ᠪᠠᠬ᠎ᠠ ᠶᠢ ᠬᠥᠭᠵᠢᠭᠡᠭᠰᠡᠨ ᠢᠶᠠᠷ ᠪᠠᠷᠠᠬᠤ ᠥᠬᠡᠶ᠂ ᠬᠡᠦᠬᠡᠳ ᠤᠳ ᠲᠤ ᠦᠪᠡᠷ ᠢ ᠪᠠᠨ ᠢᠯᠡᠷᠭᠡᠶᠢᠯᠡᠬᠦ ᠳᠠᠪᠴᠠᠩ ᠬᠠᠩᠭᠠᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠶᠢᠯᠠᠭᠠᠭᠳᠠᠬᠤᠨ ᠢ ᠬᠡᠦᠬᠡᠳ ᠪᠠᠭᠠᠴᠤᠳ ᠲᠤ ᠲᠦᠭᠡᠮᠡᠯᠵᠢᠭᠦᠯᠬᠦ ᠶᠢ ᠠᠬᠢᠭᠤᠯᠵᠠᠢ᠃ ᠳᠠᠷᠠᠭᠠᠴᠢ ᠶᠢᠨ ᠠᠯᠬᠤᠮ ᠳᠤ᠂ ᠴᠡᠴᠡᠷᠯᠢᠭ ᠤᠨ ᠲᠠᠯ᠎ᠠ ᠶᠢᠨ ᠬᠢᠨ ᠪᠠᠰᠠ ᠨᠠᠩ ᠣᠯᠠᠨ ᠬᠡᠯᠪᠡᠷᠢ ᠶᠢᠨ ᠪᠡᠶ᠎ᠡ ᠲᠠᠮᠢᠷ ᠤᠨ ᠬᠥᠳᠡᠯᠭᠡᠭᠡᠨ ᠢ ᠵᠣᠬᠢᠶᠠᠨ ᠪᠠᠶᠢᠭᠤᠯᠵᠤ᠂ ᠬᠡᠦᠬᠡᠳ ᠤᠨ ᠬᠢᠴᠢᠶᠡᠯ ᠤᠨ ᠭᠠᠳᠠᠨᠠᠬᠢ ᠠᠮᠢᠳᠤᠷᠠᠯ ᠢ ᠪᠠᠶᠠᠯᠢᠭᠵᠢᠭᠤᠯᠤᠨ᠂ ᠲᠡᠳᠡᠨ ᠤ ᠡᠷᠡᠭᠦᠯ ᠮᠡᠨᠳᠦ ᠪᠠᠶᠠᠷ ᠬᠥᠷ ᠲᠠᠢ ᠦᠰᠦᠨ ᠪᠤᠶᠢᠵᠢᠬᠤ ᠳᠤ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号