ᠮᠠᠨ ᠤ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2025 ᠣᠨ ᠤ ᠭᠤᠷᠪᠠᠳᠤᠭᠠᠷ ᠤᠳᠠᠭᠠᠨ ᠤ ᠠᠵᠢᠯ ᠤᠨ ᠵᠤᠷᠰᠢᠯ ᠬᠤᠷᠠᠯ ᠵᠢᠴᠢ ᠣᠢ ᠰᠢᠭᠤᠢ ᠨᠤᠲᠤᠭ ᠪᠡᠯᠴᠢᠭᠡᠷ ᠤᠨ ᠲᠤᠶᠢᠮᠠᠷ ᠰᠡᠷᠭᠡᠶᠢᠯᠡᠯᠳᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠤᠭᠰᠠᠨ
ᠨᠡᠶᠢᠲᠡᠯᠡᠭᠰᠡᠨ ᠴᠠᠭ᠄
2025/4/2
      4 ᠳ᠋ᠤᠭᠡᠷ ᠰᠠᠷ᠎ᠠ ᠶᠢᠨ 2 ᠤᠨ ᠡᠳᠦᠷ᠂ ᠮᠠᠨ ᠤ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2025 ᠣᠨ ᠤ ᠭᠤᠷᠪᠠᠳᠤᠭᠠᠷ ᠤᠳᠠᠭᠠᠨ ᠤ ᠠᠵᠢᠯ ᠤᠨ ᠵᠤᠷᠰᠢᠯ ᠬᠤᠷᠠᠯ ᠵᠢᠴᠢ ᠣᠢ ᠰᠢᠭᠤᠢ ᠨᠤᠲᠤᠭ ᠪᠡᠯᠴᠢᠭᠡᠷ ᠤᠨ ᠲᠤᠶᠢᠮᠠᠷ ᠰᠡᠷᠭᠡᠶᠢᠯᠡᠯᠳᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠶᠢᠨ ᠵᠢᠱᠢᠭᠳᠡᠭᠴᠢ ᠶᠠᠨ ᠯᠢ ᠵᠢᠶᠦ᠋ᠨ ᠶᠠᠷᠢᠶ᠎ᠠ ᠲᠠᠯᠪᠢᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠮᠥᠷᠡᠨ ᠬᠤᠷᠠᠯ ᠡᠷᠬᠢᠯᠡᠪᠡ᠃     ᠠᠶᠤᠯᠭᠦᠢ ᠦᠢᠯᠡᠳᠪᠦᠷᠢᠯᠡᠯ ᠤᠨ ᠠᠵᠢᠯ ᠪᠤᠯ ᠠᠷᠠᠳ ᠣᠯᠠᠨ ᠤ ᠠᠮᠤᠷ ᠲᠦᠪᠰᠢᠨ ᠠᠶᠤᠯ ᠲᠦᠭᠰᠢᠭᠦᠷᠢ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠬᠤᠯᠪᠣᠭᠳᠠᠵᠤ᠂ ᠡᠷᠬᠡᠪᠰᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠤᠨ᠎ᠠ᠃     ᠬᠤᠷᠠᠯ ᠠᠴᠠ᠂ ᠡᠯ᠎ᠡ ᠰᠤᠮᠤ ᠪᠠᠯᠭᠠᠰᠤ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ︽ᠳᠥᠷᠪᠡᠨ ᠤᠬᠠᠮᠰᠠᠷ︾ ᠢ ᠪᠠᠲᠤ ᠪᠣᠢ ᠪᠣᠯᠭᠠᠬᠤ ᠪᠠ ︽ᠬᠤᠶᠠᠷ ᠢ ᠬᠦᠷᠢᠶᠡᠯᠡᠬᠦ︾ ᠶᠢ ᠦᠢᠯᠡᠳᠦᠯᠭᠡᠵᠢᠭᠦᠯᠬᠦ ᠤᠯᠤᠰ ᠲᠥᠷᠥ ᠶᠢᠨ ᠦᠨᠳᠦᠷᠴᠡ ᠠᠴᠠ ᠠᠶᠤᠯᠬᠦᠢ ᠤᠶᠢᠯᠡᠳᠪᠦᠷᠢᠯᠡᠯ ᠤᠨ ᠤᠯᠠᠭᠠᠨ ᠱᠤᠭᠤᠮ᠂ ᠬᠤᠷᠢᠭ᠎ᠠ ᠱᠤᠭᠤᠮ ᠢ ᠢᠮᠠᠭᠲᠠ ᠪᠠᠲᠤ ᠴᠡᠭᠡᠵᠢᠯᠡᠵᠦ᠂ ᠰᠤᠨᠤᠷ ᠰᠡᠷᠡᠮᠵᠢ ᠪᠠᠨ ᠳᠡᠭᠡᠭᠰᠢᠯᠡᠬᠦᠯᠦᠨ᠂ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠬᠦ᠂ ᠪᠡᠯᠡᠳᠬᠡᠯ ᠠᠵᠢᠯ ᠢ ᠰᠠᠶᠢᠳᠤᠷ ᠬᠢᠵᠦ᠂ ︽ᠳᠠᠯᠳᠠ ᠭᠡᠮ ᠪᠣᠯ ᠳᠠᠷᠤᠢ ᠠᠳᠠᠯ ᠮᠥᠨ︾ ᠭᠡᠬᠦ ᠤᠬᠠᠮᠰᠠᠷ ᠢ ᠪᠠᠲᠤ ᠪᠣᠢ ᠪᠣᠯᠭᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠨᠠᠷᠢᠯᠢᠭ ᠠᠳᠬᠤᠵᠤ᠂ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠬᠤ ᠬᠡᠷᠡᠭᠲᠡᠢ ᠭᠡᠪᠡ᠃     ᠬᠤᠷᠠᠯ ᠠᠴᠠ ᠪᠠᠰᠠ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠪᠠᠶᠢᠳᠠᠯ ᠪᠣᠯᠤᠨ ᠠᠶᠤᠯᠭᠦᠢ ᠦᠢᠯᠡᠳᠪᠦᠷᠢᠯᠡᠯ ᠤᠨ ᠠᠳᠠᠯ ᠤᠨ ᠤᠯᠠᠷᠢᠯ ᠤᠨ ᠴᠢᠨᠠᠷᠲᠠᠢ ᠣᠨᠴᠠᠯᠢᠭ ᠢ ᠰᠡᠷᠭᠡᠭ ᠢᠶᠠᠷ ᠲᠠᠨᠢᠵᠤ᠂ ᠭᠡᠮ ᠰᠣᠭᠤᠭ ᠪᠣᠯ ᠳᠠᠷᠤᠢ ᠠᠳᠠᠯ᠂ ᠠᠳᠠᠯ ᠢ ᠴᠡᠭᠴᠡᠯᠡᠨ ᠰᠠᠶᠢᠵᠢᠷᠠᠭᠤᠯᠬᠤ ᠤᠬᠠᠮᠰᠠᠷ ᠢ ᠪᠣᠢ ᠪᠣᠯᠭᠠᠵᠤ᠂ ᠲᠤᠰ ᠠᠵᠢᠯ ᠲᠥᠷᠥᠯ ᠤᠨ ᠬᠦᠷᠢᠶᠡᠨ ᠳᠤ ᠨᠡᠶᠢᠳᠡᠮ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠭᠡᠮ ᠰᠣᠭᠤᠭ ᠲᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ ᠪᠠ ᠰᠡᠷᠭᠡᠶᠢᠯᠡᠨ ᠡᠵᠡᠮᠳᠡᠬᠦ ᠪᠡᠯᠡᠳᠬᠡᠯ ᠲᠥᠰᠦᠯ ᠢ ᠪᠣᠳᠠᠲᠠᠶᠢᠵᠢᠭᠤᠯᠵᠤ᠂ ᠤᠷᠢᠳᠴᠢᠯᠠᠨ ᠰᠡᠷᠭᠡᠶᠢᠯᠡᠬᠦ ᠴᠢᠨᠠᠷᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠢᠯᠠᠩᠭᠤᠶ᠎ᠠ ᠬᠠᠩᠰᠢ ᠶᠢᠨ ᠬᠤᠭᠤᠴᠠᠭᠠᠨ ᠳᠤ᠂ ᠣᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠵᠢᠵᠢᠭᠦ ᠤᠨ ᠬᠠᠷᠢᠭᠤᠴᠠᠯᠭ᠎ᠠ ᠶᠢᠨ ᠲᠦᠷᠢᠮ ᠢᠶᠠᠨ ᠴᠢᠩᠭᠠᠳᠬᠠᠨ᠂ ᠣᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠮᠡᠳᠡᠭᠦᠯᠦᠯᠲᠡ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠵᠢᠯᠲᠠᠨ ᠵᠢᠴᠢ ᠠᠵᠢᠯ ᠤᠨ ᠬᠤᠪᠢᠶᠠᠷᠢᠯᠠᠯ ᠲᠣᠳᠣᠷᠬᠠᠢ᠂ ᠬᠠᠷᠢᠭᠤᠴᠠᠯᠭ᠎ᠠ ᠲᠣᠳᠣᠷᠬᠠᠢ ᠪᠠᠶᠢᠬᠤ ᠶᠢ ᠪᠡᠶᠡᠯᠡᠭᠦᠯᠵᠦ᠂ ᠪᠦᠬᠦ ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠠᠬᠢᠭᠤᠯᠬᠤ ᠬᠡᠷᠡᠭᠲᠡᠢ ᠭᠡᠪᠡ᠃     ᠬᠤᠷᠠᠯ ᠳᠡᠭᠡᠷ᠎ᠡ᠂ ᠡᠯ᠎ᠡ ᠳᠡᠳ᠋ ᠬᠤᠰᠢᠭᠤ ᠳᠠᠷᠤᠭ᠎ᠠ ᠨᠠᠷ ᠪᠠᠰᠠ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号