︽ᠤᠷᠠᠨ ᠪᠡᠭᠡᠰ ᠤᠨ ᠠᠶᠠᠯᠭᠤ ᠤᠮᠠᠷᠠᠳᠤ ᠶᠢᠨ ᠡᠬᠢ ᠰᠤᠶᠤᠯ︾ ᠮᠠᠨ ᠤ ᠬᠤᠰᠢᠭᠤᠨ ᠤ ᠨᠠᠢᠮᠠᠨ ᠤᠷᠠᠨ ᠪᠢᠴᠢᠯᠭᠡᠳᠡᠨ ᠤ ᠪᠦᠲᠦᠭᠡᠯ ᠤᠨ ᠦᠵᠡᠰᠬᠦᠯᠡᠩ ᠳᠡᠯᠭᠡᠭᠳᠡᠭᠰᠡᠨ
ᠨᠡᠶᠢᠲᠡᠯᠡᠭᠰᠡᠨ ᠴᠠᠭ᠄
2025/4/20
      ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ ᠠᠴᠠ ᠭᠤᠤᠯᠯᠠᠨ ᠡᠷᠭᠢᠯᠡᠵᠦ᠂ ᠬᠤᠰᠢᠭᠤ ᠤᠷᠠᠨ ᠵᠢᠷᠤᠭ ᠤᠷᠠᠨ ᠪᠢᠴᠢᠯᠭᠡᠳᠡᠳ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ︽ᠤᠷᠠᠨ ᠪᠡᠭᠡᠰ ᠤᠨ ᠠᠶᠠᠯᠭᠤ ᠤᠮᠠᠷᠠᠳᠤ ᠶᠢᠨ ᠡᠬᠢ ᠰᠤᠶᠤᠯ︾ ᠨᠠᠢᠮᠠᠨ ᠤᠷᠠᠨ ᠪᠢᠴᠢᠯᠭᠡᠳᠡᠨ ᠤ ᠪᠦᠲᠦᠭᠡᠯ ᠤᠨ ᠦᠵᠡᠰᠬᠦᠯᠡᠩ ᠤᠶᠢᠷ᠎ᠠ ᠳᠤ ᠬᠤᠰᠢᠭᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠬᠡ ᠶᠢᠨ ᠰᠣᠶᠣᠯ ᠤᠷᠠᠯᠢᠭ ᠤᠨ ᠦᠢᠯᠡᠳᠦᠯᠬᠡ ᠶᠢᠨ ᠰᠠᠭᠤᠷᠢᠨ ᠳᠤ ᠳᠡᠯᠭᠡᠭᠳᠡᠵᠡᠢ᠃     ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠪᠦᠷᠢᠨᠳᠡᠯᠭᠡᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠨᠠᠷᠠᠰᠤ ᠵᠢᠴᠢ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠨ᠂ ᠥᠪᠥᠷ ᠮᠣᠩᠭᠤᠯ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠡᠷᠡᠭ ᠡᠷᠬᠢᠯᠡᠭᠴᠢ ᠵᠢᠶᠤᠤ ᠶᠦᠩ ᠲᠠᠩ᠂ ᠳᠤᠮᠳᠠᠳᠤ ᠤᠯᠤᠰ ᠤᠨ ᠤᠷᠠᠨ ᠪᠢᠴᠢᠯᠭᠡ ᠤᠷᠠᠨ ᠵᠢᠷᠤᠭ ᠤᠨ ᠨᠡᠶᠢᠭᠡᠮᠯᠢᠭ ᠤᠨ ᠬᠡᠷᠡᠭ ᠡᠷᠬᠢᠯᠡᠭᠴᠢ᠂ ᠥᠪᠥᠷ ᠮᠣᠩᠭᠤᠯ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠡᠷᠡᠭ ᠡᠷᠬᠢᠯᠡᠭᠴᠢ᠂ ᠥᠪᠥᠷ ᠮᠣᠩᠭᠤᠯ ᠤᠨ ᠮᠣᠩᠭᠤᠯ ᠤᠷᠠᠨ ᠪᠢᠴᠢᠯᠭᠡᠲᠡᠨ ᠤ ᠨᠡᠶᠢᠭᠡᠮᠯᠢᠭ ᠤᠨ ᠳᠡᠳ᠋ ᠲᠡᠷᠢᠭᠦᠯᠡᠭᠴᠢ ᠰᠢ ᠶᠢᠨ ᠵᠦ ᠤᠷᠢᠯᠭ᠎ᠠ ᠪᠠᠷ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠳᠤ ᠤᠷᠤᠯᠴᠠᠵᠠᠢ᠃     ᠲᠣᠰ ᠤᠳᠠᠭᠠᠨ ᠤ ᠦᠵᠡᠰᠬᠦᠯᠡᠩ ᠳᠤ ᠮᠠᠨ ᠤ ᠬᠤᠰᠢᠭᠤᠨ ᠤ ᠤᠷᠠᠨ ᠪᠦᠲᠦᠭᠡᠯᠴᠢ ᠪᠠᠶᠠᠨᠵᠢᠷᠭᠠᠯ᠂ ᠪᠦᠦ ᠱᠠᠨ᠂ ᠷᠧᠨ ᠪᠦᠦ ᠫᠢᠩ᠂ ᠵᠢᠷᠭᠠᠯᠲᠤ᠂ ᠰᠠᠶᠢᠴᠤᠩᠭ᠎ᠠ᠂ ᠦ᠋ ᠵᠢᠶᠠᠨ ᠫᠢᠩ᠂ ᠵᠣᠣ ᠵᠢᠶᠠᠨ ᠢ᠂ ᠵᠠᠩ ᠹᠠᠨ ᠨᠠᠷ ᠤᠨ 94 ᠪᠦᠲᠦᠭᠡᠯ ᠢ ᠳᠡᠯᠭᠡᠨ᠂ 50 ᠬᠢᠳᠠᠳ ᠤᠷᠠᠨ ᠪᠢᠴᠢᠯᠭᠡ᠂ 44 ᠮᠤᠩᠭᠤᠯ ᠤᠷᠠᠨ ᠪᠢᠴᠢᠯᠭᠡ ᠪᠣᠶ᠃ ᠪᠦᠲᠦᠭᠡᠯ ᠤᠨ ᠠᠭᠤᠯᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠨᠠᠮ ᠪᠠ ᠡᠬᠡ ᠤᠯᠤᠰ ᠢᠶᠠᠨ ᠮᠠᠭᠲᠠᠨ ᠳᠠᠭᠤᠯᠠᠬᠤ᠂ ᠨᠤᠲᠤᠭ ᠤᠰᠤ ᠪᠠᠨ ᠮᠠᠭᠲᠠᠨ ᠳᠠᠭᠤᠯᠠᠬᠤ ᠪᠠᠷ ᠭᠤᠤᠯ ᠰᠡᠳᠦᠪ ᠪᠣᠯᠭᠠᠵᠤ᠂ ᠬᠡᠪ ᠠᠶᠠᠰ ᠨᠢ ᠰᠢᠨ᠎ᠡ ᠡᠷᠬᠢᠮᠰᠦᠭ᠂ ᠤᠷᠠᠨ ᠪᠢᠴᠢᠯᠭᠡ ᠨᠢ ᠠᠶᠠᠨᠳᠠᠭᠠᠨ ᠣᠯᠠᠨ ᠶᠠᠩᠵᠤ ᠶᠢᠨ ᠪᠠᠶᠢᠵᠤ᠂ ᠪᠦᠲᠦᠭᠡᠯ ᠨᠢ ᠤᠯᠠᠮᠵᠢᠯᠠᠯᠲᠤ ᠤᠷᠠᠨ ᠪᠢᠴᠢᠯᠭᠡ ᠶᠢᠨ ᠰᠢᠷᠪᠥᠰᠥ ᠲᠠᠢ ᠮᠥᠷᠲᠡᠭᠡᠨ ᠪᠠᠰᠠ ᠤᠮᠠᠷᠠᠲᠤ ᠬᠢᠯᠢ ᠶᠢᠨ ᠣᠮᠤᠭ ᠲᠡᠭᠦᠯᠳᠡᠷ ᠠᠭᠤᠷ ᠠᠮᠢᠰᠬᠤᠯ ᠳᠤ ᠠᠭᠤᠰᠤᠯᠴᠠᠵᠤ᠂ ᠬᠥᠮᠦᠰ ᠲᠤ ᠰᠣᠶᠣᠯ ᠤᠨ ᠠᠮᠢᠵᠢᠷᠠᠯ ᠤᠨ ᠬᠦᠴᠦᠨ ᠢ ᠮᠡᠳᠡᠷᠡᠭᠦᠯᠵᠦ᠂ ᠤᠮᠠᠷᠠᠲᠤ ᠬᠢᠯᠢ ᠶᠢᠨ ᠲᠠᠯ᠎ᠠ ᠨᠤᠲᠤᠭ ᠤᠨ ᠰᠦᠷᠯᠢᠭ ᠰᠠᠶᠢᠬᠠᠨ ᠥᠷᠭᠡᠨ ᠠᠭᠤᠳᠠᠮ ᠪᠠ ᠭᠦᠨ ᠵᠤᠵᠠᠭᠠᠨ ᠰᠣᠶᠣᠯ ᠤᠨ ᠠᠭᠤᠯᠬᠤᠨ ᠢ ᠳᠡᠯᠭᠡᠨ ᠦᠵᠡᠭᠦᠯᠵᠦ᠂ ᠮᠠᠰᠢ ᠣᠯᠠᠨ ᠤᠷᠠᠨ ᠪᠢᠴᠢᠯᠭᠡ ᠳᠤ ᠪᠠᠭ᠋ᠠᠲᠠᠶ ᠬᠥᠮᠦᠰ᠂ ᠰᠣᠶᠣᠯ ᠤᠨ ᠡᠷᠳᠡᠮᠲᠡᠨ ᠵᠢᠴᠢ ᠣᠯᠠᠨ ᠲᠦᠮᠡᠨ ᠤ ᠠᠩᠬᠠᠷᠤᠯ ᠢ ᠲᠠᠲᠠᠭᠰᠠᠨ ᠪᠠᠶᠢᠨ᠎ᠠ᠃     ᠪᠠᠶᠠᠨᠵᠢᠷᠭᠠᠯ ᠮᠣᠩᠭᠤᠯ ᠤᠷᠠᠨ ᠪᠢᠴᠢᠯᠭᠡ ᠶᠢᠨ ᠪᠣᠳᠠᠰ ᠤᠨ ᠪᠤᠰᠤ ᠰᠣᠶᠣᠯ ᠤᠨ ᠥᠪ ᠤᠨ ᠵᠠᠯᠭᠠᠮᠵᠢᠯᠠᠭᠴᠢ  ᠶᠢᠨ ᠬᠤᠪᠢ ᠪᠠᠷ᠂ ᠤᠯᠠᠨ ᠳᠤ ᠮᠣᠩᠭᠤᠯ ᠤᠷᠠᠨ ᠪᠢᠴᠢᠯᠭᠡ ᠶᠢᠨ ᠳᠤᠬᠠᠢ ᠬᠢᠴᠢᠶᠡᠯ ᠣᠷᠣᠵᠤ᠂ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ᠂ ᠳᠤᠬᠠᠢ ᠶᠢᠨ ᠳᠠᠯᠠᠪᠠᠢ ᠳᠤ ᠰᠤᠷᠤᠯᠴᠠᠭᠠᠨ ᠤ ᠦᠨᠢᠷ ᠦᠳᠭᠡᠨ ᠠᠭᠤᠷ ᠠᠮᠢᠰᠬᠤᠯ ᠪᠢᠯᠬᠠᠮ᠎ᠠ ᠪᠠᠶᠢᠯ᠎ᠠ᠃     ᠠᠵᠢᠯᠯᠠᠭ᠎ᠠ ᠳᠤ᠂ ᠰᠢᠯᠢᠩᠬᠤᠲᠠ᠂ ᠡᠷᠢᠶᠡᠨ ᠬᠤᠳᠠ᠂ ᠵᠡᠭᠦᠨ ᠦᠵᠦᠮᠦᠴᠢᠨ᠂ ᠠᠪᠠᠭ᠎ᠠ᠂ ᠬᠥᠪᠡᠭᠡᠲᠦ ᠰᠢᠷ᠎ᠠ᠂ ᠰᠢᠯᠤᠭᠤᠨ ᠬᠥᠪᠡᠭᠡᠲᠦ ᠴᠠᠭᠠᠨ ᠬᠤᠰᠢᠭᠤ ᠵᠡᠷᠭᠡ ᠠᠬ᠎ᠠ ᠳᠡᠭᠦᠦ ᠬᠤᠰᠢᠭᠤ ᠰᠢᠶᠠᠨ ᠤ ᠤᠳᠬ᠎ᠠ ᠤᠷᠠᠯᠢᠭ ᠤᠨ  ᠬᠢᠨ ᠤ ᠬᠤᠯᠪᠣᠭ᠎ᠠ ᠪᠣᠯᠤᠨ ᠡᠯ᠎ᠡ ᠭᠠᠵᠠᠷ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠠᠯᠳᠠᠷᠲᠤ ᠬᠥᠮᠦᠰ ᠬᠤᠷᠠᠨ ᠴᠤᠭᠯᠠᠷᠠᠵᠤ᠂ ᠤᠯᠠᠨ ᠢᠶᠠᠷ ᠢᠶᠠᠨ ᠤᠷᠠᠨ ᠪᠢᠴᠢᠯᠭᠡ ᠪᠠᠷ ᠵᠠᠭᠤᠴᠢ ᠪᠣᠯᠭᠠᠨ᠂ ᠰᠣᠶᠣᠯ ᠤᠯᠠᠮᠵᠢᠯᠠᠯ᠂ ᠤᠷᠠᠨ ᠪᠢᠴᠢᠯᠭᠡ ᠶᠢᠨ ᠤᠷ᠎ᠠ ᠮᠡᠷᠭᠡᠵᠢᠯ ᠤᠨ ᠳᠠᠯ᠎ᠠ ᠪᠠᠷ ᠰᠤᠳᠤᠯᠤᠨ ᠰᠤᠯᠢᠯᠴᠠᠵᠠᠢ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号