ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠬᠤᠰᠢᠭᠤᠨ ᠤ ᠠᠯᠪᠠᠲᠠᠨ ᠤ ᠬᠠᠤᠯᠢ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ | 4 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠮᠠᠨ ᠤ ᠬᠤᠰᠢᠭᠤ 2025 ᠣᠨ ᠤ ᠠᠯᠪᠠᠲᠠᠨ ᠤ | ᠬᠠᠤᠯᠢ ᠵᠢᠴᠢ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠶᠢᠨ | ᠨᠢᠭᠡᠳᠦᠭᠡᠷ ᠬᠤᠭᠤᠴᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠡᠷᠬᠢᠯᠡᠪᠡ᠃ | ᠪᠤᠯᠪᠠᠰᠤᠷᠠᠯ ᠨᠢ ᠲᠤᠰᠬᠠᠢ ᠰᠡᠳᠦᠪ ᠢᠶᠠᠷ ᠬᠢᠴᠢᠶᠡᠯᠯᠡᠬᠦ᠂ ᠤᠳᠤᠷᠢᠳᠬᠤ ᠺᠠᠳ᠋ᠷ ᠬᠢᠴᠢᠶᠡᠯ ᠤᠷᠤᠬᠤ᠂ | ᠪᠤᠯᠪᠠᠰᠤᠷᠠᠯ ᠳᠤ ᠤᠷᠤᠯᠴᠠᠭᠰᠠᠳ ᠪᠤᠳᠤᠯ ᠰᠠᠨᠠᠯ ᠢᠶᠠᠨ ᠰᠣᠯᠢᠯᠴᠠᠬᠤ ᠵᠡᠷᠭᠡ ᠬᠡᠯᠪᠡᠷᠢ ᠪᠠᠷ ᠶᠠᠪᠤᠭᠳᠠᠵᠦ᠂ | ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠫᠷᠤᠹᠧᠰᠰᠤᠷ ᠡᠷᠳᠡᠨᠢᠪᠠᠶᠠᠷ᠂ ᠪᠡᠶ᠎ᠡ ᠰᠡᠳᠬᠢᠴᠡ | ᠶᠢᠨ ᠠᠨᠠᠭᠠᠬᠤ ᠤᠬᠠᠭᠠᠨ ᠤ ᠮᠠᠰᠲ᠋ᠧᠷ᠂ ᠤᠯᠤᠰ ᠤᠨ ᠬᠤᠶᠠᠳᠤᠭᠠᠷ ᠳᠡᠰ ᠤᠨ ᠰᠡᠳᠬᠢᠴᠡ ᠶᠢᠨ ᠵᠥᠪᠯᠡᠯᠭᠡ | ᠥᠭᠭᠦᠭᠴᠢ ᠯᠢᠦ ᠬᠠᠢ ᠯᠦᠩ ᠵᠡᠷᠭᠡ ᠲᠤᠰᠬᠠᠢ ᠮᠡᠷᠭᠡᠵᠢᠯ ᠤᠨ ᠪᠠᠭᠰᠢ ᠶᠢ ᠣᠨᠴᠠ ᠤᠷᠢᠵᠤ ᠬᠢᠴᠢᠶᠡᠯ ᠣᠷᠣᠭᠤᠯᠪᠠ᠃ | ᠪᠣᠯᠪᠠᠰᠤᠷᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ | ᠪᠣᠯᠭᠠᠬᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ | ᠠᠵᠢᠯᠯᠠᠭ᠎ᠠ︾᠂ ᠺᠠᠳ᠋ᠷ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ᠂ ᠠᠯᠪᠠᠲᠠᠨ ᠤ ᠬᠠᠤᠯᠢ ᠵᠢᠴᠢ ᠢᠵᠢ | ᠪᠦᠷᠢᠳᠦᠭᠰᠡᠨ ᠬᠠᠤᠯᠢ ᠲᠣᠭᠲᠠᠭᠠᠯ᠂ ︽ᠵᠢᠷᠭᠤᠭᠠᠨ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠵᠡᠷᠭᠡ | ᠭᠤᠣᠯᠳᠠᠯᠭ᠎ᠠ ᠲᠠᠢ ᠠᠭᠤᠯᠭ᠎ᠠ ᠶᠢᠨ ᠲᠣᠭᠤᠷᠢᠨ ᠳᠤ ᠬᠢᠴᠢᠶᠡᠯᠯᠡᠭᠰᠡᠨ ᠪᠠᠶᠢᠨ᠎ᠠ᠃ | ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠤᠰ ᠤᠳᠠᠭᠠᠨ ᠤ ᠪᠣᠯᠪᠠᠰᠤᠷᠠᠯ ᠢᠶᠠᠷ ᠠᠨᠢᠰᠦ | ᠪᠣᠯᠭᠠᠵᠤ᠂ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ︽ᠲᠠᠪᠤᠨ ᠶᠡᠭᠡ ᠡᠭᠦᠷᠭᠡ︾ ᠵᠡᠷᠭᠡ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠠᠷᠢᠯᠢᠭ ᠣᠨᠣᠴᠠᠲᠠᠢ ᠪᠠᠷ ᠵᠣᠯᠭᠠᠭᠤᠯᠵᠤ᠂ ᠠᠵᠢᠯ ᠤᠨ | ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠢ ᠡᠷᠢᠨ ᠣᠯᠵᠤ᠂ ᠰᠤᠷᠤᠯᠴᠠᠯᠭ᠎ᠠ ᠪᠠᠷ ᠣᠶᠤᠨ ᠤᠬᠠᠭᠠᠨ ᠢᠶᠠᠨ | ᠨᠡᠮᠡᠭᠳᠡᠭᠦᠯᠬᠦ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ ᠶᠢ ᠦᠨᠡᠨ ᠬᠦ ᠪᠡᠶᠡᠯᠡᠭᠦᠯᠵᠦ᠂ ᠰᠢᠯᠢᠳᠡᠭ ᠰᠤᠷᠤᠯᠴᠠᠬᠤ | ᠰᠤᠷᠲᠠᠯ ᠢᠶᠠᠷ ᠰᠢᠨ᠎ᠡ ᠴᠠᠭ ᠦᠶ᠎ᠡ ᠶᠢᠨ ᠠᠯᠪᠠᠲᠠᠨ ᠤ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠵᠦ᠂ ᠪᠦᠬᠦ | ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠭᠡᠵᠡᠢ᠃ |