ᠣᠳᠣᠬᠠᠨ ᠳᠤ᠂ ᠮᠠᠨ ᠤ ᠬᠤᠰᠢᠭᠤᠨ ᠤ ᠭᠤᠣᠯᠳᠠᠯᠭ᠎ᠠ ᠲᠠᠢ ᠲᠥᠷᠥᠯ ᠵᠦᠢᠯ ᠨᠢ ᠬᠠᠪᠤᠷ ᠤᠨ ᠤᠯᠠᠷᠢᠯ ᠤᠨ | ᠠᠵᠢᠯ ᠤᠨ ᠡᠬᠢᠯᠡᠬᠦᠯᠦᠯᠳᠡ ᠶᠢᠨ ᠪᠦᠷᠢᠶ᠎ᠡ ᠶᠢ ᠬᠠᠩᠬᠢᠨᠠᠭᠤᠯᠵᠦ᠂ ᠪᠦᠬᠦ ᠵᠢᠯ ᠤᠨ ᠬᠠᠷᠠᠯᠳᠠᠲᠦ ᠡᠭᠦᠷᠭᠡ ᠶᠢᠨ | ᠲᠦᠯᠦᠭᠡ ᠴᠢᠷᠮᠠᠶᠢᠨ ᠵᠢᠳᠬᠦᠵᠦ᠂ ᠡᠷᠳᠡ ᠨᠢᠭᠡ ᠡᠳᠦᠷ ᠠᠵᠢᠯ ᠡᠬᠢᠯᠡᠬᠦᠯᠦᠨ᠂ ᠡᠷᠳᠡ ᠨᠢᠭᠡ ᠡᠳᠦᠷ ᠠᠮᠵᠢᠯᠳᠠ ᠳᠤ | ᠬᠦᠷᠬᠦ ᠶᠢᠨ ᠲᠦᠯᠦᠭᠡ ᠡᠯ᠎ᠡ ᠠᠵᠦ ᠠᠬᠤᠶᠢᠯᠠᠯ ᠤᠳ ᠪᠡᠯᠡᠳᠬᠡᠯ ᠠᠵᠢᠯ ᠢᠶᠠᠨ ᠰᠠᠶᠢᠳᠤᠷ ᠬᠢᠵᠦ ᠪᠠᠶᠢᠨ᠎ᠠ᠃ | ᠰᠢᠨ ᠮᠧᠩ ᠰᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ 46.5 ᠲᠦᠮᠡᠨ ᠲᠣᠨ ᠲᠡᠮᠦᠷ ᠤᠨ | ᠬᠠᠶᠢᠯᠤᠰᠢ ᠶᠢᠨ ᠰᠢᠨ᠎ᠡ ᠡᠨᠧᠷᠭᠢ ᠪᠣᠯᠪᠠᠰᠤᠷᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ | ᠲᠠᠯᠠᠪᠠᠢ ᠳᠤ᠂ ᠮᠠᠰᠢᠨ ᠮᠧᠬᠠᠨᠢᠭ ᠤᠨ ᠲᠠᠭᠤᠨ ᠬᠦᠷᠴᠢᠬᠢᠨᠡᠵᠦ᠂ ᠮᠠᠰᠢᠨ ᠲᠡᠷᠭᠡ ᠨᠠᠰᠢ ᠴᠠᠰᠢ ᠰᠦᠯᠵᠢᠯᠳᠦᠨ᠂ | ᠠᠵᠢᠯᠴᠢᠳ ᠶᠠᠭ ᠶᠠᠭᠠᠷᠠᠯᠲᠠᠢ ᠠᠵᠢᠯᠯᠠᠵᠠᠭᠠᠨ᠎ᠠ᠃ ᠤᠶᠢᠯᠠᠭᠠᠭᠰᠠᠨ ᠢᠶᠠᠷ ᠲᠤᠰ ᠲᠥᠷᠥᠯ ᠵᠦᠢᠯ ᠢ 6 ᠳ᠋ᠤᠭᠠᠷ | ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ᠃ | ᠰᠢᠨ ᠮᠧᠩ ᠰᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠥᠬᠦᠭᠡᠷᠦᠮᠵᠢ ᠶᠢᠨ ᠳᠡᠳ᠋ ᠳᠠᠭᠠᠭᠠᠮᠠᠯ ᠸᠠᠩ | ᡁᠢ ᠭᠠᠩ᠄ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠤᠨ ᠭᠤᠣᠯ ᠦᠢᠯᠡᠳᠪᠦᠷᠢ ᠶᠢᠨ ᠭᠡᠷ ᠢ ᠨᠢᠭᠡᠨᠲᠡ | ᠪᠠᠶᠢᠭᠤᠯᠵᠦ ᠳᠠᠭᠤᠰᠬᠠᠬᠤ ᠶᠢᠨ ᠬᠠᠮᠲᠦ ᠵᠤᠤᠬ᠎ᠠ ᠶᠢ ᠨᠢᠭᠡᠨᠲᠡ ᠤᠭᠰᠠᠷᠠᠵᠦ᠂ ᠣᠲᠣ ᠡᠯ᠎ᠡ ᠲᠦᠷᠦᠯ ᠤᠨ | ᠲᠥᠬᠦᠭᠡᠷᠦᠮᠵᠢ ᠶᠢ ᠶᠠᠭ ᠤᠭᠰᠠᠷᠠᠵᠤ ᠪᠠᠶᠢᠨ᠎ᠠ᠃ | ᠰᠢᠨ ᠮᠧᠩ ᠰᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ 46.5 ᠲᠦᠮᠡᠨ ᠲᠣᠨ ᠲᠡᠮᠦᠷ ᠤᠨ | ᠬᠠᠶᠢᠯᠤᠰᠢ ᠶᠢᠨ ᠰᠢᠨ᠎ᠡ ᠡᠨᠧᠷᠭᠢ ᠪᠣᠯᠪᠠᠰᠤᠷᠠᠭᠤᠯᠬᠤ ᠲᠥᠷᠥᠯ ᠵᠦᠢᠯ ᠪᠣᠯ ᠮᠠᠨ ᠤ ᠬᠤᠰᠢᠭᠤᠨ ᠤ | ᠠᠮᠵᠢᠯᠲᠠ ᠲᠠᠢ ᠪᠠᠷ ᠣᠷᠣᠭᠤᠯᠤᠨ ᠠᠪᠴᠢᠷᠠᠭᠰᠠᠨ ᠪᠦᠬᠦ ᠣᠷᠣᠨ ᠤ ᠠᠩᠬᠠᠳᠠᠭᠴᠢ ᠲᠡᠮᠦᠷ ᠤᠨ ᠬᠠᠶᠢᠯᠤᠰᠢ ᠶᠢᠨ | ᠴᠠᠬᠢᠯᠭᠠᠨ ᠡᠭᠦᠰᠬᠡᠭᠴᠢ᠂ ᠴᠠᠬᠢᠯᠭᠠᠨ ᠲᠤᠤᠷ᠂ ᠡᠨᠧᠷᠬᠢ ᠬᠠᠳᠠᠭᠠᠯᠠᠬᠤ ᠶᠢ ᠨᠢᠭᠡ ᠴᠤᠭᠴᠠᠵᠢᠭᠤᠯᠬᠤ ᠲᠥᠷᠥᠯ ᠵᠦᠢᠯ | ᠪᠣᠯᠤᠨ᠎ᠠ᠃ ᠤᠯᠠᠮᠵᠢᠯᠠᠯᠲᠤ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠠᠴᠠ ᠢᠯᠭᠠᠭ᠎ᠠ ᠲᠠᠢ ᠪᠠᠶᠢᠵᠦ᠂ ᠲᠤᠰ | ᠲᠥᠷᠥᠯ ᠵᠦᠢᠯ ᠨᠢ ︽ᠴᠠᠬᠢᠯᠭᠠᠨ ᠡᠭᠦᠰᠭᠡᠭᠴᠢ ︵ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ︶ + ᠴᠠᠬᠢᠯᠭᠠᠨ | ᠲᠣᠣᠷ ︵ᠬᠡᠰᠡᠭ ᠭᠠᠵᠠᠷ ᠤᠨ ᠴᠠᠬᠢᠯᠭᠠᠨ ᠲᠣᠣᠷ︶ + ᠳᠠᠭᠠᠭᠠᠴᠠ ︵ᠲᠡᠮᠦᠷ ᠤᠨ ᠬᠠᠶᠢᠯᠤᠰᠢ ᠶᠢ ᠦᠢᠯᠡᠳᠪᠦᠷᠢᠯᠡᠬᠦ︶ | + ᠡᠨᠧᠷᠬᠢ ᠬᠠᠳᠠᠭᠠᠯᠠᠬᠤ ︵ᠦᠯᠡᠳᠡᠪᠦᠷᠢ ᠢᠯᠴᠢ ᠶᠢ ᠠᠰᠢᠭᠯᠠᠬᠤ︶ ᠶᠢ ᠨᠢᠭᠡ ᠴᠣᠭᠴᠠᠵᠢᠭᠤᠯᠤᠨ ᠵᠢᠷᠤᠭᠯᠠᠨ | ᠲᠥᠯᠥᠪᠯᠡᠵᠦ᠂ 110 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ᠂ ᠡᠨᠧᠷᠭᠢ ᠬᠠᠳᠠᠭᠠᠯᠠᠬᠤ ᠰᠢᠰᠲ᠋ᠧᠮ | ᠵᠢᠴᠢ ᠦᠯᠡᠳᠡᠪᠦᠷᠢ ᠢᠯᠴᠢ ᠶᠢ ᠡᠭᠡᠭᠦᠯᠦᠨ ᠬᠤᠷᠢᠶᠠᠬᠤ ᠲᠥᠬᠦᠭᠡᠷᠦᠮᠵᠢ ᠶᠢ ᠢᠵᠢ ᠪᠦᠷᠢᠳᠦᠭᠦᠯᠬᠦ ᠪᠠᠷ ᠳᠠᠮᠵᠢᠭᠤᠯᠤᠨ᠂ | ᠡᠨᠧᠷᠭᠢ ᠶᠢᠨ ᠱᠠᠲᠤᠯᠢᠭ ᠠᠰᠢᠭᠯᠠᠯᠲᠠ ᠶᠢ ᠪᠡᠶᠡᠯᠡᠬᠦᠯᠦᠭᠰᠡᠨ ᠲᠦᠷᠦᠯ ᠵᠤᠶᠢᠯ ᠪᠤᠯᠤᠨ᠎ᠠ᠃ ᠲᠥᠰᠦᠭᠡᠯᠡᠨ | ᠪᠣᠳᠣᠯᠲᠠ ᠠᠴᠠ ᠦᠵᠡᠪᠡᠯ᠂ ᠲᠥᠷᠥᠯ ᠵᠦᠢᠯ ᠨᠢ ᠤᠯᠠᠮᠵᠢᠯᠠᠯᠲᠤ ᠤᠶᠢᠯᠡᠳᠪᠦᠷᠢᠯᠡᠯ ᠠᠴᠠ 15% ᠶᠢᠨ ᠡᠨᠧᠷᠭᠢ | ᠳᠤᠳᠠᠭᠤ ᠬᠤᠷᠤᠭᠳᠠᠭᠤᠯᠵᠦ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 20% ᠪᠠᠷ ᠪᠠᠭᠠᠰᠬᠠᠨ᠂ | ᠦᠢᠯᠡᠳᠪᠦᠷᠢᠯᠡᠯ ᠤᠨ ᠦᠷ᠎ᠡ ᠪᠦᠲᠦᠮᠵᠢ ᠶᠢ 25% ᠪᠠᠷ ᠳᠡᠭᠡᠭᠰᠢᠯᠡᠭᠦᠯᠵᠦ᠂ ᠡᠵᠡᠩᠨᠡᠯᠳᠡ ᠶᠢᠨ ᠥᠪᠡᠷ ᠤᠨ | ᠥᠷᠲᠡᠭ ᠨᠢ 30% ᠪᠠᠷ ᠪᠠᠭᠤᠷᠠᠵᠤ᠂ ︽ᠪᠣᠬᠢᠷᠲᠤᠯ ᠦᠭᠡᠢ ᠴᠠᠬᠢᠯᠭᠠᠨ ᠤ ᠥᠪᠡᠷ ᠤᠨ ᠥᠷᠲᠡᠭ ᠨᠢ ᠪᠠᠭ᠎ᠠ᠂ | ᠦᠨᠳᠦᠷ ᠡᠨᠧᠷᠬᠢᠲᠦ ᠠᠵᠤ ᠦᠢᠯᠡᠰ ᠲᠦᠪᠯᠡᠷᠡᠭᠰᠡᠨ᠂ ᠰᠢᠨ᠎ᠡ ᠡᠨᠧᠷᠭᠢ ᠶᠢ ᠪᠠᠭᠲᠠᠭᠠᠨ ᠳᠡᠭᠡᠭᠰᠢᠯᠡᠭᠦᠯᠬᠦ︾ ᠰᠠᠶᠢᠨ | ᠤᠷᠴᠢᠯᠳᠠ ᠶᠢ ᠪᠤᠢ ᠪᠤᠯᠭᠠᠭᠰᠠᠨ ᠪᠠᠶᠢᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠪᠣᠬᠢᠷᠲᠤᠯ ᠦᠭᠡᠢ | ᠴᠠᠬᠢᠯᠭᠠᠨ ᠤ ᠪᠠᠭᠲᠠᠭᠠᠨ ᠠᠪᠬᠤ ᠬᠠᠷᠢᠴᠠᠯ ᠬᠠᠮᠤᠭ ᠤᠨ ᠥᠨᠳᠥᠷ ᠲᠤ ᠪᠠᠨ 86% ᠳᠤ ᠬᠦᠷᠴᠦ᠂ ᠪᠦᠬᠦ | ᠠᠶᠢᠮᠠᠭ ᠤᠨ ᠪᠣᠬᠢᠷᠲᠤᠯ ᠦᠭᠡᠢ ᠴᠠᠬᠢᠯᠭᠠᠨ ᠤ ᠲᠤᠰ ᠭᠠᠵᠠᠷ ᠤᠨ ᠪᠠᠭᠲᠠᠭᠠᠨ ᠰᠢᠩᠭᠡᠭᠡᠬᠦ ᠪᠠ ᠠᠵᠤ ᠦᠢᠯᠡᠰ ᠤᠨ | ᠪᠣᠬᠢᠷᠲᠤᠯ ᠦᠭᠡᠢ ᠬᠡᠯᠪᠡᠷᠢ ᠶᠢᠨ ᠬᠤᠪᠢᠷᠠᠭᠤᠯᠤᠯᠲᠠ ᠲᠡᠦᠬᠡᠲᠦ ᠴᠢᠨᠠᠷᠲᠠᠢ ᠰᠢᠪᠲᠤᠯᠤᠯᠲᠠ ᠲᠠᠢ ᠪᠤᠯᠵᠦ᠂ ᠪᠦᠬᠦ | ᠣᠷᠣᠨ ᠤ ᠠᠩᠬᠠᠳᠠᠭᠴᠢ ᠲᠡᠮᠦᠷ ᠤᠨ ᠬᠠᠶᠢᠯᠤᠰᠢ ᠶᠢᠨ ᠴᠠᠬᠢᠯᠭᠠᠨ ᠡᠭᠦᠰᠬᠡᠭᠴᠢ᠂ ᠴᠠᠬᠢᠯᠭᠠᠨ ᠲᠤᠤᠷ᠂ ᠡᠨᠧᠷᠬᠢ | ᠬᠠᠳᠠᠭᠠᠯᠠᠬᠤ ᠶᠢ ᠨᠢᠭᠡ ᠴᠤᠭᠴᠠᠵᠢᠭᠤᠯᠬᠤ ᠪᠠ ᠪᠣᠬᠢᠷᠲᠤᠯ ᠦᠭᠡᠢ ᠴᠠᠬᠢᠯᠭᠠᠨ + ᠴᠢᠨᠠᠷ ᠰᠠᠶᠢᠲᠠᠢ ᠡᠨᠧᠷᠭᠢ | ᠠᠴᠢᠶᠠᠯᠠᠬᠤ ᠠᠵᠤ ᠦᠢᠯᠡᠰ ᠤᠨ ᠬᠤᠯᠪᠣᠯᠳᠤᠨ ᠬᠥᠭᠵᠢᠬᠦ ᠵᠢᠱᠢᠶ᠎ᠡ ᠦᠵᠡᠭᠦᠯᠬᠦ ᠲᠥᠷᠥᠯ ᠵᠦᠢᠯ ᠪᠤᠯᠤᠭᠰᠠᠨ ᠪᠠᠶᠢᠨ᠎ᠠ | ᠃ | ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠡᠷᠴᠢᠮᠲᠠᠢ ᠰᠠᠶᠢᠬᠠᠨ ᠲᠦᠷᠭᠡᠨ ᠶᠠᠪᠤᠭᠳᠠᠬᠤ ᠨᠢ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠠᠴᠠ ᠵᠠᠶᠢᠯᠠᠰᠢ ᠦᠭᠡᠢ ᠶᠤᠮ᠃ ︽ᠵᠢᠷᠭᠤᠭᠠᠨ | ᠠᠵᠢᠯᠯᠠᠭ᠎ᠠ︾ ᠶᠢ ᠪᠠᠶᠢᠷᠢᠯᠠᠭᠤᠯᠤᠨ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠬᠤᠰᠢᠭᠤ ︽ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ︾ ᠪᠠᠷ ᠭᠤᠣᠯ ᠭᠠᠷᠳᠠᠴᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ᠂ | ᠮᠥᠩᠭᠦᠨ ᠭᠦᠢᠯᠭᠡᠭᠡᠨ ᠤ ᠳᠡᠮᠵᠢᠯᠭᠡ᠂ ᠦᠢᠯᠡᠴᠢᠯᠡᠭᠡ ᠶᠢ ᠳᠡᠰ ᠳᠡᠪᠰᠢᠭᠦᠯᠬᠦ ᠵᠡᠷᠭᠡ ᠣᠯᠠᠨ ᠲᠠᠯᠠᠲᠤ ᠠᠷᠭ᠎ᠠ | ᠬᠡᠮᠵᠢᠶ᠎ᠡ ᠪᠠᠷ ᠳᠠᠮᠵᠢᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ᠃ | ᠰᠢᠨ ᠮᠧᠩ ᠰᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠥᠬᠦᠭᠡᠷᠦᠮᠵᠢ ᠶᠢᠨ ᠳᠡᠳ᠋ ᠵᠠᠬᠢᠷᠤᠯ ᠸᠠᠩ ᡁᠢ | ᠭᠠᠩ᠄ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ ᠲᠤᠬᠠᠶᠢᠯᠠᠪᠠᠯ | ᠬᠦᠭᠵᠢᠬᠦᠯᠦᠯᠳᠡ ᠪᠠ ᠥᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠤᠪᠴᠢᠶ᠎ᠠ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠳᠠ ᠶᠢᠨ ᠲᠤᠪᠴᠢᠶ᠎ᠠ᠂ ᠣᠷᠴᠢᠨ ᠠᠬᠤᠢ ᠶᠢᠨ | ᠬᠠᠮᠠᠭᠠᠯᠠᠯᠲᠠ ᠶᠢᠨ ᠲᠤᠪᠴᠢᠶ᠎ᠠ ᠵᠡᠷᠭᠡ ᠰᠠᠯᠠᠭ᠎ᠠ ᠮᠥᠴᠢᠷ ᠠᠴᠠ ᠶᠡᠭᠡ ᠬᠦᠴᠦ ᠣᠷᠣᠭᠤᠯᠤᠨ ᠪᠢᠳᠡᠨ ᠲᠠᠢ | ᠬᠠᠮᠵᠢᠯᠴᠠᠵᠤ᠂ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠲᠤ ᠳᠥᠭᠦᠮ ᠦᠵᠡᠭᠦᠯᠪᠡ᠃ | ᠮᠠᠨ ᠤ ᠬᠤᠰᠢᠭᠤᠨ ᠤ ᠡᠯ᠎ᠡ ᠠᠵᠤ ᠠᠬᠤᠶᠢᠯᠠᠯ ᠤᠳ ᠵᠠᠩᠭᠢᠯᠠᠭ᠎ᠠ ᠶᠢ ᠠᠳᠬᠤᠨ᠂ ᠠᠬᠢᠴᠠ ᠶᠢ ᠵᠠᠪᠳᠠᠵᠦ᠂ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠦᠷ᠎ᠡ ᠪᠦᠲᠦᠮᠵᠢ ᠪᠠᠨ ᠨᠡᠮᠡᠭᠳᠡᠬᠦᠯᠬᠦ ᠪᠠᠷ ᠴᠢᠷᠮᠠᠶᠢᠨ ᠠᠵᠢᠯᠯᠠᠵᠠᠭᠠᠵᠦ | ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠪᠠᠰᠠ ᠦᠢᠯᠡᠴᠢᠯᠡᠭᠡ ᠪᠠᠲᠤᠯᠠᠭ᠎ᠠ ᠶᠢᠨ ᠡᠷᠴᠢᠮ ᠢᠶᠠᠨ | ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ | ᠰᠢᠯᠢᠳᠡᠭᠵᠢᠭᠦᠯᠵᠦ᠂ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠵᠦ᠂ ᠪᠦᠬᠦ | ᠬᠤᠰᠢᠭᠤᠨ ᠤ ᠠᠵᠤ ᠠᠬᠤᠢ ᠶᠢᠨ ᠴᠢᠨᠠᠷᠯᠢᠭ ᠬᠥᠭᠵᠢᠯᠲᠡ ᠳᠤ ᠰᠢᠨ᠎ᠡ ᠬᠠᠭᠤᠳᠠᠰᠤ ᠶᠢ ᠪᠢᠴᠢᠭᠯᠡᠬᠦ ᠪᠣᠯᠤᠨ᠎ᠠ᠃ |