ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ | ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠤᠮᠠᠷᠠᠲᠤ ᠬᠢᠯᠢ ᠶᠢᠨ | ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠢᠷᠠᠭᠤ ᠨᠠᠶᠢᠷᠠᠭ ᠤᠨ ᠭᠤᠸ᠎ᠠ ᠰᠠᠶᠢᠬᠠᠨ ᠢ ᠢᠯᠡᠷᠡᠬᠦᠯᠦᠨ᠂ | ᠤᠳᠬ᠎ᠠ ᠵᠣᠬᠢᠶᠠᠯ ᠤᠨ ᠷᠢᠳᠢ ᠰᠢᠳᠢ ᠶᠢ ᠮᠡᠳᠡᠷᠡᠵᠦ᠂ ᠰᠠᠶᠢᠨ ᠰᠠᠶᠢᠬᠠᠨ ᠰᠣᠶᠣᠯ ᠤᠨ ᠠᠭᠤᠷ ᠠᠮᠢᠰᠬᠤᠯ ᠢ ᠪᠣᠢ | ᠪᠣᠯᠭᠠᠬᠤ ᠶᠢᠨ ᠲᠦᠯᠦᠭᠡ᠂ ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠠᠩᠬᠠᠳᠤᠭᠠᠷ ᠤᠳᠠᠭᠠᠨ ᠤ ︽ᠰᠦᠨᠢᠳ | ᠤᠨ ᠡᠭᠡᠰᠢᠭᠯᠡᠩ︾ ᠨᠡᠷᠡᠮᠵᠢᠲᠦ ᠢᠷᠠᠭᠤ ᠨᠠᠶᠢᠷᠠᠭ ᠤᠨ ᠤᠷᠤᠯᠳᠤᠭᠠᠨ ᠬᠤᠰᠢᠭᠤ ᠺᠢᠨᠤ᠋ ᠤᠷᠳᠤᠨ ᠳᠤ ᠠᠮᠵᠢᠯᠳᠠ ᠲᠠᠢ | ᠶᠠᠪᠤᠭᠳᠠᠪᠠ᠃ ᠬᠤᠰᠢᠭᠤ ᠤᠳᠤᠷᠢᠳᠤᠯᠭ᠎ᠠ ᠰᠠᠶᠢᠨᠴᠣᠭᠲᠤ᠂ ᠶᠠᠩ ᠵᠠᠨ ᠴᠢᠩ᠂ ᠼᠤᠤ ᠱᠣ᠋ ᠸᠧᠨ᠂ ᠤᠷᠭᠤᠭ᠎ᠠ᠂ | ᠨᠠᠷᠠᠰᠤ ᠠᠵᠢᠯᠯᠠᠭ᠎ᠠ ᠳᠤ ᠣᠷᠣᠯᠴᠠᠪᠠ᠃ | ᠤᠷᠤᠯᠳᠤᠭᠠᠨ ᠤ ᠠᠬᠤᠢ ᠲᠠᠯᠠᠪᠠᠢ ᠳᠤ ᠬᠦᠷ ᠬᠦᠭᠵᠢᠶᠡᠨ ᠢᠶᠠᠷ ᠪᠢᠯᠬᠠᠵᠦ᠂ ᠵᠡᠬᠦᠨ᠂ ᠪᠠᠷᠠᠭᠤᠨ ᠬᠤᠶᠠᠷ | ᠰᠦᠨᠢᠳ ᠨᠤᠳᠤᠭ ᠲᠠᠢ 16 ᠢᠷᠠᠭᠤ ᠨᠠᠶᠢᠷᠠᠭᠴᠢᠳ ︽ᠤᠶᠠᠩᠭ᠎ᠠ ᠰᠢᠯᠦᠭ ᠤᠨ ᠤᠮᠠᠷᠠᠲᠦ ᠬᠢᠯᠢ᠂ ᠤᠷᠠᠨ ᠨᠠᠶᠢᠷᠠᠭ | ᠤᠨ ᠡᠬᠡ ᠤᠯᠤᠰ︾ ᠭᠡᠬᠦ ᠭᠤᠤᠯ ᠰᠡᠳᠦᠪ ᠤᠨ ᠲᠤᠭᠤᠷᠢᠨ ᠳᠤ ᠡᠬᠡ ᠤᠯᠤᠰ᠂ ᠨᠤᠳᠤᠭ ᠤᠰᠤ᠂ ᠠᠪᠤ ᠡᠵᠢ ᠪᠠᠨ | ᠮᠠᠭᠳᠠᠨ ᠲᠠᠭᠤᠯᠠᠵᠦ᠂ ᠦᠵᠡᠭᠴᠢᠳ ᠤᠯᠠᠨ ᠤ ᠰᠡᠳᠬᠢᠯ ᠢ ᠤᠮᠳᠠᠯᠠᠨ᠂ ᠢᠷᠠᠭᠤ ᠨᠠᠶᠢᠷᠠᠭ ᠤᠨ ᠡᠶᠡᠪᠡᠷᠬᠦᠤ | ᠵᠦᠭᠡᠯᠡᠨ ᠲᠠᠯᠠᠢ ᠳᠤ ᠰᠤᠭᠳᠤᠷᠠᠭᠤᠯᠵᠦ ᠪᠠᠶᠢᠯ᠎ᠠ᠃ ᠳᠡᠳᠡ ᠲᠠᠭᠤ ᠬᠤᠭᠤᠯᠠᠢ ᠪᠠᠷ ᠢᠶᠠᠨ ᠰᠢᠯᠦᠭ ᠨᠠᠶᠢᠷᠠᠭᠤᠯᠤᠯ ᠳᠤ | ᠰᠢᠨ᠎ᠡ ᠠᠮᠢ ᠨᠠᠰᠦ ᠤᠯᠭᠤᠵᠦ᠂ ᠦᠰᠦᠭ ᠪᠢᠴᠢᠭ ᠢ ᠠᠮᠢᠯᠠᠭᠤᠯᠤᠨ ᠪᠦᠵᠢᠭᠯᠡᠬᠦᠯᠵᠦ᠂ ᠡᠭᠡ ᠤᠷᠤᠨ ᠳᠤ ᠪᠠᠨ | ᠬᠠᠨᠳᠤᠭᠤᠯᠤᠭᠰᠠᠨ ᠬᠠᠯᠠᠭᠤᠨ ᠬᠠᠶᠢᠷ᠎ᠠ᠂ ᠨᠤᠳᠤᠭ ᠤᠰᠤᠨ ᠳᠤ ᠪᠠᠨ ᠬᠠᠨᠳᠤᠭᠤᠯᠤᠭᠰᠠᠨ ᠮᠠᠭᠳᠠᠭᠠᠯ᠂ ᠢᠷᠡᠭᠡᠳᠦᠢ | ᠶᠢᠨ ᠲᠤᠬᠠᠢ ᠬᠦᠰᠡᠯ ᠡᠷᠡᠮᠡᠯᠵᠡᠯ ᠢ ᠳᠠᠮᠵᠢᠭᠤᠯᠵᠦ ᠪᠠᠶᠢᠯ᠎ᠠ᠃ | ᠰᠦᠨᠢᠳ ᠵᠡᠬᠦᠨ ᠬᠤᠰᠢᠭᠤᠨ ᠤ ᠤᠷᠤᠯᠴᠠᠭᠴᠢ ᠪᠠᠲᠦᠴᠡᠩᠭᠡᠯ᠄ ᠡᠨᠡ ᠤᠳᠠᠭ᠎ᠠ ᠰᠥᠨᠢᠳ ᠪᠠᠷᠠᠭᠤᠨ | ᠬᠤᠰᠢᠭᠤᠨ ᠳᠤ ᠢᠷᠡᠵᠦ ︽ᠰᠦᠨᠢᠳ ᠤᠨ ᠡᠭᠡᠰᠢᠭᠯᠡᠩ︾ ᠨᠡᠷᠡᠮᠵᠢᠲᠦ ᠢᠷᠠᠭᠤ ᠨᠠᠶᠢᠷᠠᠭ ᠤᠨ ᠤᠷᠤᠯᠳᠤᠭᠠᠨ ᠳᠤ | ᠤᠷᠤᠯᠴᠠᠭᠰᠠᠨ ᠳᠤ ᠪᠠᠨ ᠮᠠᠰᠢ ᠪᠠᠶᠠᠷᠲᠠᠢ ᠪᠠᠶᠢᠨ᠎ᠠ᠂ ᠪᠠᠰᠠ ᠨᠡᠩ ᠤᠯᠠᠨ ᠵᠤᠶᠢᠯᠡᠰ ᠢ ᠤᠯᠵᠦ ᠰᠤᠷᠤᠭᠰᠠᠨ᠂ | ᠬᠤᠶᠢᠰᠢᠳᠠ ᠵᠤᠬᠢᠶᠠᠨ ᠪᠦᠲᠦᠭᠡᠯᠭᠡ ᠶᠢᠨ ᠲᠠᠯ᠎ᠠ ᠪᠠᠷ ᠨᠡᠩ ᠢᠯᠡᠬᠦᠤ ᠴᠢᠷᠮᠠᠶᠢᠬᠤ ᠪᠤᠯᠤᠨ᠎ᠠ᠃ | ᠤᠷᠤᠯᠴᠠᠭᠴᠢ ᠥᠨᠢᠷᠴᠡᠴᠡᠭ᠄ ᠤᠳᠠᠯ ᠦᠭᠡᠢ ᠲᠠᠪᠤᠨ ᠰᠠᠷ᠎ᠠ ᠶᠢᠨ ᠨᠢᠭᠡᠨ ᠪᠣᠯᠬᠤ ᠭᠡᠵᠦ ᠪᠠᠶᠢᠨ᠎ᠠ᠂ ᠰᠤᠯᠠ | ᠰᠡᠯᠡᠭᠦᠦ ᠴᠠᠭ ᠢᠶᠠᠷ ᠢᠶᠠᠨ ᠡᠶᠢᠮᠤᠷᠬᠦ ᠢᠷᠠᠭᠤ ᠨᠠᠶᠢᠷᠠᠭ ᠤᠨ ᠤᠷᠤᠯᠳᠤᠭᠠᠨ ᠳᠤ ᠤᠷᠤᠯᠴᠠᠵᠦ᠂ ᠰᠢᠯᠦᠭ ᠢᠶᠠᠷ | ᠥᠪᠡᠷ ᠤᠨ ᠬᠠᠶᠢᠷ᠎ᠠ ᠰᠡᠳᠬᠢᠯᠭᠡ ᠪᠠᠨ ᠤᠶᠠᠩᠭᠠᠯᠠᠭᠰᠠᠨ ᠳᠤ ᠪᠠᠨ ᠮᠠᠰᠢ ᠪᠠᠶᠠᠷᠲᠠᠢ ᠮᠦᠷᠳᠡᠭᠡᠨ ᠤᠯᠤᠯᠳᠠ ᠲᠠᠢ | ᠪᠠᠶᠢᠨ᠎ᠠ᠃ ᠮᠦᠨᠬᠦ ᠰᠢᠯᠢ ᠶᠢᠨ ᠭᠤᠣᠯ ᠤᠨ ᠬᠠᠮᠤᠭ ᠤᠨ ᠰᠠᠶᠢᠬᠠᠨ ᠤᠯᠠᠷᠢᠯ ᠬᠦᠷᠴᠦ ᠢᠷᠡᠬᠦ ᠭᠡᠵᠦ ᠪᠠᠶᠢᠨ᠎ᠠ᠂ | ᠣᠯᠠᠨ ᠢᠶᠠᠷ ᠢᠶᠠᠨ ᠰᠥᠨᠢᠳ ᠪᠠᠷᠠᠭᠤᠨ ᠬᠤᠰᠢᠭᠤᠨ ᠳᠤ ᠮᠤᠷᠢᠯᠠᠨ ᠰᠠᠭᠠᠳᠠᠵᠦ ᠵᠤᠭᠠᠴᠠᠨ ᠴᠡᠩᠭᠡᠬᠦ ᠶᠢ ᠬᠦᠰᠡᠵᠦ | ᠪᠠᠶᠢᠨ᠎ᠠ᠃ | ᠣᠶᠢᠯᠠᠭᠠᠭᠰᠠᠨ ᠢᠶᠠᠷ᠂ ᠲᠤᠰ ᠤᠳᠠᠭᠠᠨ ᠤ ᠠᠵᠢᠯᠯᠠᠭ᠎ᠠ ᠳᠤ ᠡᠯᠰᠡᠭᠰᠡᠨ ᠰᠢᠯᠦᠭ ᠳᠠᠭᠤᠯᠠᠯ ᠨᠢ ︽ᠤᠶᠠᠩᠭ᠎ᠠ | ᠰᠢᠯᠦᠭ ᠤᠨ ᠤᠮᠠᠷᠠᠲᠦ ᠬᠢᠯᠢ᠂ ᠤᠷᠠᠨ ᠨᠠᠶᠢᠷᠠᠭ ᠤᠨ ᠡᠬᠡ ᠤᠯᠤᠰ︾ ᠢᠶᠠᠷ ᠭᠤᠣᠯ ᠰᠡᠳᠦᠪ ᠪᠤᠯᠭᠠᠨ᠂ ᠨᠡᠶᠢᠲᠡ | 48 ᠪᠦᠲᠦᠭᠡᠯ ᠲᠤᠰᠴᠦ᠂ ᠰᠢᠯᠭᠠᠷᠠᠭᠤᠯᠬᠤ ᠺᠣᠮᠢᠰ ᠤᠨ ᠳᠤᠭᠤᠶᠢᠯᠠᠩ ᠤᠨ ᠣᠯᠠᠨ ᠡᠭᠡᠯᠵᠢ ᠶᠢᠨ ᠴᠢᠩᠭ᠎ᠠ | ᠰᠢᠯᠭᠠᠷᠠᠭᠤᠯᠤᠯᠲᠠ ᠪᠠᠷ ᠳᠠᠮᠵᠢᠨ᠂ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ᠂ ᠰᠢᠨ᠎ᠡ ᠶᠢ ᠡᠭᠦᠳᠬᠦ ᠴᠢᠨᠠᠷ | ᠵᠡᠷᠭᠡ ᠶᠡᠷᠦᠩᠬᠡᠶᠢᠯᠡᠭᠰᠡᠨ ᠰᠡᠳᠬᠢᠮᠵᠢ ᠠᠴᠠ ᠪᠣᠯᠵᠣ᠂ ᠡᠴᠦᠰ ᠲᠡᠭᠡᠨ 16 ᠪᠦᠲᠦᠭᠡᠯ ᠴᠣᠯᠭᠤᠷᠠᠨ ᠦᠯᠡᠳᠡᠵᠦ᠂ | ᠰᠢᠢᠳᠪᠦᠷᠢᠲᠦ ᠤᠷᠤᠯᠳᠤᠭᠠᠨ ᠳᠤ ᠠᠮᠵᠢᠯᠲᠠ ᠲᠠᠢ ᠤᠷᠤᠭᠰᠠᠨ ᠪᠠᠶᠢᠨ᠎ᠠ᠃ ᠤᠷᠤᠯᠳᠤᠭᠠᠨ ᠨᠢ ᠠᠬᠤᠢ ᠲᠠᠯᠠᠪᠠᠢ ᠳᠤ | ᠤᠶᠠᠩᠭᠠᠯᠠᠬᠤ ᠪᠠ ᠪᠢᠴᠢᠭᠯᠡᠭᠰᠡᠨ ᠮᠠᠲ᠋ᠧᠷᠢᠶᠠᠯ ᠢ ᠬᠢᠨᠠᠨ ᠲᠣᠭᠲᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ | ᠲᠤᠰᠬᠠᠢ ᠮᠡᠷᠭᠡᠵᠢᠯ ᠤᠨ ᠰᠢᠯᠭᠠᠷᠠᠭᠤᠯᠬᠤ ᠺᠣᠮᠢᠰ ᠠᠴᠠ ︽ᠦᠵᠡᠯ ᠰᠠᠨᠠᠭᠠᠨ ᠤ ᠭᠦᠨᠴᠡ᠂ ᠤᠷᠠᠯᠢᠭ ᠤᠨ ᠢᠯᠡᠷᠡᠯ᠂ | ᠦᠭᠡ ᠬᠡᠯᠡᠨ ᠤ ᠨᠥᠯᠥᠭᠡᠯᠡᠬᠦ ᠬᠦᠴᠦᠨ᠂ ᠲᠠᠶᠢᠰᠠᠨ ᠤ ᠴᠤᠭ ᠵᠢᠪᠬᠤᠭ᠎ᠠ︾ ᠵᠡᠷᠭᠡ ᠳᠥᠷᠪᠡᠨ ᠲᠠᠯ᠎ᠠ ᠠᠴᠠ | ᠶᠡᠷᠦᠩᠬᠡᠶᠢᠯᠡᠨ ᠬᠤᠪᠢ ᠦᠭᠴᠦ᠂ ᠤᠷᠤᠯᠳᠤᠭᠠᠨ ᠤ ᠡᠴᠦᠰ ᠲᠤ ᠪᠠᠲᠦᠴᠡᠩᠭᠡᠯ ᠲᠡᠷᠢᠬᠦᠨ ᠪᠠᠶᠢᠷᠢᠨ ᠳᠤ ᠳᠤᠳᠤᠷᠠᠵᠦ᠂ | ᠮ᠊᠂ ᠳᠤᠷᠠᠯᠠᠯ᠂ ᠴᠤᠭᠪᠢᠯᠢᠭ᠌ ᠳᠡᠳ᠋ ᠪᠠᠶᠢᠷᠢᠨ ᠳᠤ ᠱᠠᠩᠨᠠᠯ ᠳᠤᠰᠴᠦ᠂ ᠪᠢᠯᠢᠭᠪᠡᠭᠠᠳᠤᠷ᠂ ᠨ᠊᠂ ᠵᠠᠶᠠᠭᠠᠲᠦ᠂ | ᠦᠯᠵᠡᠶᠢᠨᠠᠷᠠᠨ ᠭᠤᠷᠪᠠᠳᠤᠭᠠᠷ ᠪᠠᠶᠢᠷᠢᠨ ᠳᠤ ᠤᠷᠤᠵᠦ᠂ ᠰᠢᠯᠢᠳᠡᠭ ᠪᠠᠶᠢᠷᠢᠨ ᠳᠤ 10 ᠬᠦᠮᠦᠨ ᠳᠤᠳᠤᠷᠠᠵᠠᠢ᠃ | ᠮᠤᠩᠭᠤᠯ ᠰᠤᠷᠪᠤᠯᠵᠢᠯᠠᠭ᠎ᠠ᠄ ᠴ᠊᠂ ᠴᠤᠯᠮᠤᠨ ᠤ ᠰᠤᠷᠪᠤᠯᠵᠢᠯᠠᠭ᠎ᠠ | ᠲᠤᠰ ᠤᠳᠠᠭᠠᠨ ᠤ ᠤᠷᠤᠯᠳᠤᠭᠠᠨ ᠨᠢ ᠬᠤᠶᠠᠷ ᠰᠦᠨᠢᠳ ᠤᠨ ᠤᠳᠬ᠎ᠠ ᠤᠷᠠᠯᠢᠭ ᠤᠨ ᠬᠢᠨ ᠤ ᠬᠦᠮᠦᠰ ᠤᠨ | ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠤᠭᠰᠠᠨ ᠡᠯᠪᠡᠭ ᠪᠠᠶᠠᠯᠢᠭ ᠦᠷ᠎ᠡ | ᠪᠦᠲᠦᠭᠡᠯ ᠢ ᠳᠡᠯᠭᠡᠨ ᠦᠵᠡᠬᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠪᠠᠳᠠᠷᠠᠭᠤᠯᠵᠤ᠂ ᠤᠳᠬ᠎ᠠ ᠵᠣᠬᠢᠶᠠᠯ ᠤᠨ ᠬᠦᠴᠦᠨ ᠢᠶᠠᠷ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠶᠠᠷ ᠬᠤᠰᠢᠭᠤᠨ ᠤ ᠰᠢᠯᠢᠳᠡᠭ ᠰᠢᠯᠦᠭ ᠤᠨ | ᠪᠦᠲᠦᠭᠡᠯ ᠢ ᠥᠷᠭᠡᠨ ᠢᠶᠠᠷ ᠳᠡᠯᠭᠡᠷᠡᠭᠦᠯᠬᠦ ᠶᠢ ᠠᠬᠢᠭᠤᠯᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ | ᠪᠦᠬᠦ ᠬᠤᠰᠢᠭᠤᠨ ᠤ ᠵᠣᠬᠢᠶᠠᠯᠴᠢᠳ ᠤᠨ ᠠᠮᠢᠳᠤᠷᠠᠯ ᠳᠤ ᠭᠦᠨᠵᠡᠭᠡᠶᠢᠷᠡᠵᠦ᠂ ᠠᠷᠠᠳ ᠲᠦᠮᠡᠨ ᠤ ᠳᠤᠮᠳᠠ | ᠦᠨᠳᠦᠰᠦᠯᠡᠵᠦ᠂ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠤ ᠲᠤᠰ ᠭᠠᠵᠠᠷ ᠣᠷᠣᠨ ᠤ ᠤᠳᠬ᠎ᠠ | ᠤᠷᠠᠯᠢᠭ ᠤᠨ ᠵᠣᠬᠢᠶᠠᠨ ᠪᠦᠲᠦᠭᠡᠯᠭᠡ ᠶᠢᠨ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠮᠠᠷᠠᠲᠤ | ᠬᠢᠯᠢ ᠶᠢᠨ ᠰᠣᠶᠣᠯ ᠤᠨ ᠨᠡᠷᠡᠲᠦ ᠲᠡᠮᠳᠡᠭ ᠢ ᠦᠷᠭᠦᠯᠵᠢᠯᠡᠨ ᠭᠢᠯᠠᠯᠵᠠᠭᠤᠯᠵᠤ᠂ ᠠᠵᠤ ᠠᠬᠤᠢ ᠨᠡᠶᠢᠭᠡᠮ ᠤᠨ ᠴᠢᠨᠠᠷᠯᠢᠭ | ᠬᠥᠭᠵᠢᠯᠲᠡ ᠳᠤ ᠬᠦᠴᠦᠷᠬᠡᠭ ᠶᠡᠭᠡ ᠰᠣᠶᠣᠯ ᠤᠨ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃ |