ᠴᠤᠩᠬᠤᠪᠴᠢ ᠶᠢᠨ ᠦᠢᠯᠡᠴᠢᠯᠡᠭᠡᠨ ᠤ ᠳᠤᠳᠤᠨᠤ ︽ᠦᠢᠯᠡᠴᠢᠯᠡᠭᠴᠢ︾ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ︽ᠳᠠᠶᠢᠯᠪᠤᠷᠢᠯᠠᠭᠴᠢ︾ — ᠵᠠᠩ ᠷᠦᠨ
ᠨᠡᠶᠢᠲᠡᠯᠡᠭᠰᠡᠨ ᠴᠠᠭ᠄
2025/4/3
      ᠬᠤᠰᠢᠭᠤ ᠡᠮ ᠡᠮᠨᠡᠯᠭᠡ ᠶᠢᠨ ᠪᠠᠲᠤᠯᠠᠭ᠎ᠠ ᠶᠢᠨ ᠳᠤᠪᠴᠢᠶᠠᠨ ᠤ ᠳᠤᠬᠠᠶᠢᠯᠠᠭᠰᠠᠨ ᠠᠵᠢᠯ ᠬᠦᠢᠴᠡᠳᠭᠡᠬᠦ ᠴᠤᠩᠬᠤᠪᠴᠢ ᠳᠤ᠂ ᠳᠤᠯᠠᠭᠠᠬᠠᠨ ᠢᠨᠢᠶᠡᠮᠰᠦᠭᠯᠡᠯ᠂ ᠬᠠᠯᠠᠭᠤᠨ ᠰᠡᠳᠬᠢᠯ ᠢᠶᠠᠷ ᠢᠶᠠᠨ ᠤᠯᠠᠨ ᠲᠦᠮᠡᠨ ᠤ ᠬᠦᠷᠢᠶᠡᠯᠡᠯ  ᠢ ᠤᠯᠵᠤ᠂ ᠳᠡᠷᠭᠡᠳᠡᠬᠢ ᠬᠠᠮᠳᠤ ᠤᠯᠠᠨ ᠳᠤ ᠪᠠᠨ ᠳᠠᠭᠤᠷᠢᠶᠠᠯ ᠪᠤᠯᠵᠤ ᠪᠠᠶᠢᠭ᠎ᠠ ᠨᠢᠭᠡᠨ ᠠᠵᠢᠯᠳᠠᠨ ᠪᠠᠶᠢᠳᠠᠭ᠃ ᠲᠡᠷᠡ ᠪᠣᠯ ᠳᠠᠷᠤᠶ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠠᠩ ᠷᠦᠨ ᠲᠤᠤ ᠪᠤᠯᠤᠨ᠎ᠠ᠃     ᠡᠮ ᠡᠮᠨᠡᠯᠭᠡ ᠶᠢᠨ ᠳᠠᠭᠠᠳᠬᠠᠯ ᠤᠨ ᠴᠤᠩᠬᠤᠪᠴᠢ ᠳᠤ ᠬᠠᠯᠠᠭᠤᠨ ᠳᠤᠯᠠᠭᠠᠨ ᠡᠶᠡᠯᠰᠡᠭ ᠳᠤᠳᠤᠨᠤ ᠠᠭᠤᠷ ᠠᠮᠢᠰᠬᠤᠯ ᠪᠢᠯᠬᠠᠨ᠂ ᠠᠵᠢᠯᠲᠠᠨ ᠨᠢᠭᠡᠪᠦᠷᠢ ᠴᠥᠮ ᠲᠤᠰᠬᠠᠶ ᠮᠡᠷᠭᠡᠵᠢᠯ ᠤᠨ ᠣᠪᠣᠷ ᠪᠠ ᠬᠠᠯᠠᠭᠤᠮᠰᠤᠭ ᠢᠨᠢᠶᠡᠮᠰᠦᠭᠯᠡᠯ ᠢᠶᠠᠷ ᠵᠥᠪᠯᠡᠯᠭᠡ ᠦᠭᠬᠦ ᠪᠤᠶᠤ ᠲᠤᠬᠠᠶᠢᠯᠠᠭᠰᠠᠨ ᠠᠵᠢᠯ ᠬᠦᠢᠴᠡᠳᠭᠡᠬᠦᠯᠬᠦ ᠪᠠᠷ ᠬᠦᠷᠦᠭᠰᠡᠨ ᠪᠦᠬᠦᠨ  ᠳᠤ ᠡᠶᠡᠯᠳᠡᠭ ᠬᠦᠯᠢᠴᠡᠩᠭᠦᠢ ᠪᠠᠷ ᠦᠨᠳᠦᠷ ᠪᠦᠲᠦᠮᠵᠢᠳᠡᠢ᠂ ᠲᠦᠬᠦᠮ ᠲᠦᠳᠡ ᠦᠢᠯᠡᠴᠢᠯᠡᠭᠡ ᠬᠠᠩᠭᠠᠳᠠᠭ ᠨᠢ ᠤᠯᠠᠨ ᠤ ᠬᠦᠷᠢᠶᠡᠯᠡᠯ ᠢ ᠤᠯᠵᠠᠢ᠃     ᠵᠢᠯ ᠤᠨ ᠡᠬᠢᠨ ᠳᠤ᠂ ᠰᠠᠶᠢᠬᠠᠨᠳᠠᠯ᠎ᠠ ᠪᠠᠯᠭᠠᠰᠤᠨ ᠤ ᠰᠠᠭᠤᠭᠠᠯᠢ ᠠᠷᠠᠳ ᠶᠢᠨ ᠶᠧᠦ ᠷᠦᠩ ᠨᠠᠰᠤᠳᠠᠨ ᠬᠥᠬᠡᠬᠤᠲᠠ ᠳᠤ ᠬᠦᠷᠴᠦ ᠡᠪᠡᠳᠴᠢᠨ ᠢᠶᠠᠨ ᠡᠮᠨᠡᠬᠦᠯᠬᠦ ᠳᠤ ᠪᠠᠨ ᠤᠷᠢᠳᠴᠢᠯᠠᠨ ᠳᠠᠩᠰᠠᠯᠠᠯᠳᠠ ᠬᠢᠵᠦ ᠠᠮᠵᠢᠭᠰᠠᠨ ᠦᠭᠡᠢ ᠠᠴᠠ ᠪᠣᠯᠵᠤ᠂ ᠡᠮᠨᠡᠯᠬᠡ ᠠᠴᠠ ᠭᠠᠷᠬᠤ ᠭᠠᠷᠳᠠᠮ ᠬᠦᠢᠴᠡᠳᠬᠡᠬᠦᠯᠬᠦ ᠳᠤ ᠪᠠᠨ ᠡᠮ ᠤᠨ ᠵᠤᠷ ᠪᠢᠴᠢᠬᠦᠯᠵᠦ᠂ ᠡᠮᠴᠢᠯᠡᠬᠡᠨ ᠤ ᠰᠦᠢᠳᠬᠡᠯ ᠢᠶᠠᠨ ᠳᠠᠩᠰᠠᠨ ᠠᠴᠠ ᠴᠠᠶᠢᠷᠠᠭᠤᠯᠬᠤ ᠶᠢ ᠨᠢ ᠨᠦᠯᠦᠬᠡᠯᠡᠭᠰᠡᠨ ᠪᠠᠶᠢᠳᠠᠯ ᠳᠤᠤᠷ᠎ᠠ᠂ ᠵᠠᠩ ᠷᠦᠨ ᠳᠤᠤ ᠲᠠᠢ ᠤᠳᠠᠰᠤ ᠪᠠᠷ ᠬᠠᠷᠢᠯᠴᠠᠵᠤ᠂ ᠳᠡᠬᠦᠨ ᠤ ᠵᠤᠬᠢᠴᠠᠭᠤᠯᠭ᠎ᠠ ᠪᠠᠷ ᠳᠠᠩᠰᠠᠯᠠᠯᠳᠠ ᠶᠢᠨ ᠬᠠᠭᠤᠳᠠᠰᠤ ᠶᠢ ᠬᠠᠭᠠᠰᠬᠠᠨ ᠴᠠᠭ ᠤᠨ ᠳᠤᠳᠤᠷ᠎ᠠ ᠬᠦᠭᠡᠬᠤᠳᠠ ᠶᠢᠨ ᠡᠮᠨᠡᠯᠭᠡ ᠳᠤ ᠶᠠᠪᠤᠭᠤᠯᠵᠤ᠂ ᠭᠠᠷᠳᠠᠮ ᠬᠢᠬᠦ ᠳᠤ ᠨᠢ ᠲᠦᠭᠦᠮ ᠦᠵᠡᠬᠦᠯᠦᠭᠰᠡᠨ ᠪᠠᠶᠢᠨ᠎ᠠ᠃     ᠡᠨᠡ ᠡᠳᠦᠷ᠂ ᠶᠢᠨ ᠶᠧᠦ ᠷᠦᠩ ᠨᠠᠰᠤᠳᠠᠨ ᠬᠡᠮᠡᠷᠯᠢᠭ ᠳᠤᠭ ᠬᠦᠷᠭᠡᠨ ᠢᠷᠡᠵᠦ᠂ ᠵᠠᠩ ᠷᠦᠨ ᠲᠤᠤ ᠳᠤ ᠳᠠᠯᠠᠷᠬᠠᠯ ᠢᠯᠡᠷᠭᠡᠶᠢᠯᠡᠯ᠎ᠡ᠃     ᠰᠠᠭᠤᠭᠠᠯᠢ ᠠᠷᠠᠳ ᠶᠢᠨ ᠶᠧᠦ ᠷᠦᠩ ︵ᠪᠢ ᠬᠡᠷᠦᠬᠦ ᠴᠢᠨᠠᠷᠲᠠᠶ ᠦᠶ᠎ᠡ ᠭᠡᠰᠢᠭᠦᠦ ᠶᠢᠨ ᠦᠷᠪᠢᠰᠦᠯ ᠢᠶᠠᠷ ᠥᠪᠥᠷ ᠮᠣᠩᠭᠤᠯ ᠤᠨ ᠬᠠᠷᠢᠶᠠᠲᠤ ᠡᠮᠨᠡᠯᠭᠡ ᠶᠢᠨ ᠬᠤᠷᠢᠶᠠᠨ ᠳᠤ ᠡᠮᠴᠢᠯᠡᠬᠦᠯᠵᠡᠢ᠃ ᠡᠮᠨᠡᠯᠬᠡ ᠳᠤ ᠤᠴᠢᠬᠤ ᠦᠶ᠎ᠡ ᠳᠤ  ᠪᠠᠨ ᠳᠠᠩᠰᠠᠯᠠᠯᠳᠠ ᠬᠢᠯᠬᠡᠵᠦ ᠠᠮᠵᠢᠭᠰᠠᠨ ᠦᠬᠡᠢ᠃ ᠨᠠᠰᠢ ᠴᠠᠰᠢ ᠶᠠᠪᠤᠬᠤ ᠳᠤ ᠴᠤ ᠳᠥᠭᠦᠮ ᠦᠭᠡᠢ᠂ ᠬᠡᠦᠬᠡᠳ ᠤᠳ ᠴᠦ ᠶᠠᠭᠠᠷᠠᠦ ᠪᠣᠯᠬᠤᠷ ᠪᠢ ᠡᠮ ᠡᠮᠨᠡᠯᠭᠡ ᠶᠢᠨ ᠳᠠᠭᠠᠳᠬᠠᠯ ᠤᠨ ᠵᠠᠩ ᠡᠷᠬᠢᠯᠡᠭᠴᠢ ᠳᠤ ᠤᠲᠠᠰᠤᠳᠠᠭᠰᠠᠨ ᠳᠤ᠂ ᠲᠡᠷᠡ ᠵᠣᠬᠢᠴᠠᠭᠤᠯᠤᠨ ᠬᠠᠷᠢᠯᠴᠠᠵᠤ᠂ ᠬᠠᠭᠠᠰᠬᠠᠨ ᠴᠠᠭ ᠤᠨ ᠳᠣᠲᠣᠷ᠎ᠠ ᠳᠠᠩᠰᠠᠯᠠᠯᠳᠠ ᠶᠢᠨ ᠬᠠᠭᠤᠳᠠᠰᠤ ᠶᠢ ᠬᠠᠷᠢᠶᠠᠲᠤ ᠡᠮᠨᠡᠯᠭᠡ ᠶᠢᠨ ᠬᠤᠷᠢᠶᠠᠨ ᠳᠤ ᠶᠠᠪᠤᠭᠤᠯᠵᠤ ᠦᠭᠴᠡᠢ᠂ ᠪᠢ ᠲᠡᠷᠡ ᠳᠤᠤᠷ᠎ᠠ ᠨᠢ ᠡᠮ ᠢᠶᠠᠨ ᠠᠪᠴᠤ ᠳᠠᠩᠰᠠᠨ ᠠᠴᠠ ᠴᠠᠶᠢᠷᠠᠭᠤᠯᠵᠤ ᠴᠢᠳᠠᠵᠠᠢ᠃ ᠳᠡᠬᠦᠨ ᠤ ᠬᠠᠯᠠᠮᠵᠢ ᠦᠢᠯᠡᠴᠢᠯᠡᠭᠡ ᠳᠤ ᠪᠢ ᠮᠠᠰᠢ ᠲᠠᠯᠠᠷᠬᠠᠵᠤ ᠪᠠᠶᠢᠨ᠎ᠠ᠃︶     ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠲᠤ ᠣᠯᠠᠨ ᠵᠢᠯ ᠠᠵᠢᠯᠯᠠᠵᠤ᠂ ᠬᠦᠨᠳᠦ ᠬᠦᠴᠢᠷ ᠠᠵᠢᠯ ᠤᠨ ᠡᠭᠦᠷᠭᠡ ᠶᠢᠨ ᠡᠮᠦᠨ᠎ᠡ᠂ ᠲᠡᠷᠡ ᠶᠠᠳᠠᠷᠠᠯ ᠵᠦᠳᠡᠷᠡᠯ ᠢ ᠬᠠᠶᠢᠬᠤᠷᠤᠯ ᠥᠬᠡᠶ᠂ ᠴᠠᠭ ᠨᠡᠮᠡᠵᠦ ᠠᠵᠢᠯᠯᠠᠨ᠂ ᠳᠡᠭᠡᠳᠦ ᠬᠡᠮᠵᠢᠶᠡᠨ ᠤ ᠡᠬᠦᠷᠭᠡ ᠬᠠᠷᠢᠭᠤᠴᠠᠯᠭᠠᠲᠤ ᠰᠡᠳᠬᠢᠯᠭᠡ ᠪᠠᠷ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠲᠤ ᠣᠷᠣᠯᠴᠠᠵᠤ᠂ ᠴᠢᠳᠠᠪᠤᠷᠢᠲᠠᠨ ᠢ ᠬᠥᠮᠦᠵᠢᠭᠦᠯᠬᠦ ᠪᠠ ᠪᠦᠯᠬᠦᠮ ᠨᠡᠶᠢᠲᠡ ᠶᠢᠨ ᠪᠠᠶᠢᠭᠤᠯᠤᠯᠲᠠ ᠶᠢ ᠴᠢᠬᠤᠯᠠᠴᠢᠯᠠᠵᠤ᠂ ᠭᠠᠷᠠᠭ ᠪᠦᠷᠢ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠪᠠ ᠪᠦᠯᠬᠦᠮ ᠨᠡᠶᠢᠲᠡ ᠶᠢᠨ ᠳᠣᠲᠣᠭᠠᠳᠤ ᠶᠢᠨ ᠰᠤᠷᠤᠯᠴᠠᠯᠭ᠎ᠠ ᠰᠤᠯᠢᠯᠴᠠᠭ᠎ᠠ ᠶᠢ ᠵᠣᠬᠢᠶᠠᠨ ᠪᠠᠶᠢᠭᠤᠯᠵᠤ᠂ ᠣᠯᠠᠨ ᠢ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠳᠤ ᠬᠠᠪᠰᠤᠷᠤᠮᠵᠢ ᠪᠤᠯᠳᠠᠭ᠃ ᠲᠡᠭᠦᠨ ᠤ ᠨᠥᠯᠥᠭᠡ ᠪᠠᠷ᠂ ᠡᠮ ᠡᠮᠨᠡᠯᠭᠡ ᠶᠢᠨ ᠳᠠᠭᠠᠳᠬᠠᠯ ᠤᠨ ᠲᠥᠪ ᠤᠨ ᠪᠥᠬᠦ ᠠᠵᠢᠯᠲᠠᠨ ᠪᠦᠯᠬᠦᠮᠳᠡᠨ ᠬᠠᠮᠵᠢᠯᠴᠠᠬᠤ᠂ ᠢᠳᠡᠪᠬᠢᠲᠡᠶ ᠥᠭᠡᠳᠡᠯᠡᠨ ᠳᠠᠪᠰᠢᠬᠤ ᠠᠵᠢᠯ ᠤᠨ ᠠᠭᠤᠷ ᠠᠮᠢᠰᠬᠤᠯ ᠢ ᠪᠤᠢ ᠪᠤᠯᠭᠠᠨ᠂ ᠳᠡᠬᠦᠨ ᠤ ᠨᠢᠮᠪᠠᠶ ᠬᠠᠮᠢᠶᠠᠷᠤᠯᠲᠠ ᠳᠤᠤᠷ᠎ᠠ᠂ ᠦᠢᠯᠡᠴᠢᠯᠡᠭᠡᠨ ᠤ ᠴᠤᠩᠬᠤᠪᠴᠢ ᠨᠢ ᠥᠷᠭᠡᠨ ᠣᠯᠠᠨ ᠠᠵᠢᠯ ᠶᠠᠪᠤᠳᠠᠯ ᠬᠦᠢᠴᠡᠳᠭᠡᠬᠦᠯᠬᠦ  ᠪᠠᠷ ᠬᠦᠷᠦᠭᠰᠡᠨ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠤᠯᠵᠤ ᠪᠠᠶᠢᠨ᠎ᠠ᠃     ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠠᠩ ᠷᠦᠨ ᠲᠤᠤ ︵ᠴᠤᠩᠬᠤᠪᠴᠢ ᠶᠢᠨ ᠠᠵᠢᠯ ᠨᠢ ᠬᠡᠳᠦ᠋ᠢᠪᠡᠷ ᠶᠠᠷᠰᠢᠭ ᠲᠦᠪᠡᠭ ᠲᠠᠢ ᠪᠣᠯᠪᠠᠴᠤ ᠣᠯᠠᠨ ᠲᠦᠮᠡᠨ ᠤ ᠰᠡᠳᠬᠢᠯ ᠬᠠᠨᠤᠮᠵᠢᠲᠠᠶ ᠢᠨᠢᠶᠡᠮᠰᠦᠭᠯᠡᠯ ᠢ ᠣᠯᠵᠤ ᠬᠠᠷᠠᠪᠠᠯ᠂ ᠠᠯᠢᠪᠠ ᠵᠦᠳᠡᠷᠡᠯ ᠨᠢ ᠴᠥᠮ ᠪᠡᠨ᠎ᠡ ᠲᠠᠢ ᠭᠡᠵᠦ ᠪᠤᠳᠤᠳᠠᠭ᠂ ᠪᠢᠳᠡ ᠢᠮᠠᠭᠲᠠ ᠴᠢᠩ ᠦᠨᠡᠨᠴᠢ ᠢᠨᠢᠶᠡᠮᠰᠦᠭᠯᠡᠯ᠂ ᠬᠠᠯᠠᠭᠤᠮᠰᠤᠭ ᠦᠢᠯᠡᠴᠢᠯᠡᠭᠡ ᠪᠠᠷ ᠢᠶᠠᠨ ᠣᠯᠠᠨ ᠲᠦᠮᠡᠨ ᠤ ᠰᠡᠳᠬᠢᠯ ᠢ ᠬᠡᠶᠢᠬᠦᠯᠦᠨ᠎ᠡ᠃︶     ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠪᠣᠯᠤᠭᠰᠠᠨ ᠤ ᠬᠤᠪᠢ ᠳᠤ᠂ ᠲᠡᠷᠡ ᠦᠷᠭᠦᠯᠵᠢ ᠶᠡᠭᠡ ᠲᠢᠩᠬᠢᠮ ᠪᠣᠯᠤᠨ ᠨᠡᠶᠢᠭᠡᠮ ᠲᠣᠭᠤᠷᠢᠭ ᠤᠨ ᠬᠤᠭᠤᠷᠣᠨᠳᠣ ᠬᠤᠯᠪᠤᠭᠠᠰᠤ ᠪᠤᠯᠵᠤ᠂ ᠲᠦᠷᠦ ᠶᠢᠨ ᠪᠤᠳᠤᠯᠭ᠎ᠠ ᠶᠢ ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠢᠮᠠᠭᠲᠠ ᠠᠵᠢᠯ ᠤᠨ ᠢᠶᠠᠨ ᠴᠢᠬᠤᠯᠠ ᠵᠦᠢᠯ ᠪᠣᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠰᠢᠨᠡᠴᠢᠯᠡᠨ ᠲᠤᠬᠢᠷᠠᠭᠤᠯᠬᠤ ᠦᠶ᠎ᠡ ᠳᠤ᠂ ᠲᠡᠷᠡ ᠪᠦᠯᠬᠦᠮ ᠢᠶᠠᠨ ᠳᠠᠭᠠᠭᠤᠯᠤᠨ ᠭᠦᠨᠵᠡᠭᠡᠢ ᠰᠤᠷᠤᠯᠴᠠᠨ ᠰᠤᠳᠤᠯᠵᠤ᠂ ᠲᠦᠷᠦ ᠶᠢᠨ ᠪᠤᠳᠤᠯᠭ᠎ᠠ ᠶᠢᠨ ᠠᠭᠤᠯᠤᠭᠳᠠᠬᠤᠨ ᠢ ᠣᠨᠣᠪᠴᠢᠲᠠᠢ ᠡᠵᠡᠮᠳᠡᠬᠦ ᠶᠢ ᠦᠨᠡᠨ ᠬᠦ ᠪᠠᠳᠤᠯᠠᠨ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠤᠰᠠᠳᠠ᠂ ᠣᠯᠠᠨ ᠵᠦᠢᠯ ᠤᠨ ᠬᠡᠯᠪᠡᠷᠢ ᠮᠠᠶ᠋ᠢᠭ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠭᠡᠮ ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠡᠷᠭᠢᠯᠡᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠪᠠᠷ ᠳᠠᠮᠵᠢᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠠᠷᠠᠳ ᠣᠯᠠᠨ ᠤ ᠡᠭᠦᠳᠡᠨ ᠳᠤ ᠬᠦᠷᠭᠡᠵᠦ᠂ ᠬᠦᠯᠢᠴᠡᠩᠭᠦᠶ ᠪᠠᠷ ᠣᠯᠠᠨ ᠲᠦᠮᠡᠨ ᠤ ᠡᠷᠡᠭᠡᠯᠵᠡᠭᠡ ᠶᠢ ᠳᠡᠶᠢᠯᠵᠦ᠂ ᠥᠷᠭᠡᠨ ᠣᠯᠠᠨ ᠲᠦᠮᠡᠨ ᠳᠤ ᠡᠮᠴᠢᠯᠡᠭᠡᠨ ᠤ ᠳᠠᠭᠠᠳᠬᠠᠯ ᠢ ᠦᠨᠡᠨᠬᠦ ᠣᠶᠢᠯᠠᠭᠠᠭᠤᠯᠵᠤ᠂ ᠡᠮᠴᠢᠯᠡᠭᠡᠨ ᠤ ᠳᠠᠭᠠᠳᠬᠠᠯ ᠠᠴᠠ ᠵᠢᠩᠭᠢᠨᠢ ᠠᠰᠢᠭ ᠬᠦᠷᠳᠡᠭᠡᠬᠦ ᠶᠢ ᠵᠤᠷᠢᠳᠠᠭ᠃     ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠠᠩ ᠷᠦᠨ ᠲᠤᠤ ︵ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠲᠦᠭ ᠲᠦᠮᠡᠨ ᠡᠷᠦᠬᠡ ᠳᠤ ᠬᠤᠯᠪᠣᠭᠳᠠᠵᠤ ᠪᠠᠶᠢᠳᠠᠭ᠂ ᠪᠢᠳᠡ ᠢᠯᠡᠭᠦᠦ ᠰᠢᠭ ᠬᠢᠪᠡᠯ᠂ ᠣᠯᠠᠨ ᠲᠦᠮᠡᠨ ᠤᠯᠠᠮ ᠰᠠᠨᠠᠭ᠎ᠠ ᠵᠤᠪᠠᠯᠳᠠ ᠦᠬᠡᠢ ᠪᠤᠯᠤᠨ᠎ᠠ᠃ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠣᠭ ᠰᠠᠨᠠᠭ᠎ᠠ ᠪᠠᠨ ᠢᠮᠠᠭᠲᠠ ᠪᠠᠲᠤ ᠰᠠᠬᠢᠵᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ︽ᠳᠠᠶᠢᠯᠪᠤᠷᠢᠯᠠᠭᠴᠢ︾  ᠪᠤᠯᠵᠤ᠂ ᠬᠠᠮᠤᠭ ᠤᠨ ᠣᠬᠤᠷ ᠴᠠᠭ᠂ ᠬᠠᠮᠤᠭ ᠤᠨ ᠲᠦᠷᠭᠡᠨ ᠬᠤᠷᠳᠤᠴᠠ᠂ ᠴᠢᠨᠠᠷ ᠰᠠᠶᠢᠲᠠᠶ ᠥᠨᠳᠥᠷ ᠪᠦᠲᠦᠮᠵᠢᠲᠡᠶ ᠪᠠᠷ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠠᠵᠢᠯ ᠶᠠᠪᠤᠳᠠᠯ ᠬᠦᠢᠴᠡᠳᠭᠡᠬᠦᠯᠬᠦ ︽ᠬᠠᠯᠠᠭᠤᠨ ᠳᠤᠯᠠᠭᠠᠨ︾ ᠢ ᠮᠡᠳᠡᠷᠡᠬᠦᠯᠬᠦ ᠪᠠᠷ ᠴᠢᠷᠮᠠᠶᠢᠨ᠎ᠠ᠃︶     ︽ᠤᠯᠠᠨ ᠲᠦᠮᠡᠨ ᠳᠤ ᠪᠤᠶᠠᠨ ᠦᠢᠯᠡᠳᠴᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠲᠤ ᠦᠩᠬᠡ ᠬᠡᠷᠡᠯ ᠨᠡᠮᠡᠷᠢᠯᠡᠵᠬᠦ︾ ᠪᠣᠯ ᠵᠠᠩ ᠷᠦᠨ ᠲᠤᠤ ᠶᠢᠨ ᠪᠠᠷᠢᠮᠳᠠᠯᠠᠯ ᠪᠤᠯᠤᠨ᠎ᠠ᠃ ᠲᠡᠷᠡ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠲᠤ ᠬᠢᠵᠠᠭᠠᠯᠠᠰᠢ ᠥᠬᠡᠶ ᠦᠨᠡᠨᠴᠢ ᠰᠢᠳᠤᠷᠭᠤ ᠪᠠᠶᠢᠬᠤ ᠪᠠ ᠠᠷᠠᠳ ᠣᠯᠠᠨ ᠳᠤ ᠬᠠᠨᠳᠤᠬᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠡᠬᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠥᠪᠡᠷ ᠤᠨ ᠬᠡᠷᠡᠯ ᠬᠢᠯᠪᠠᠭ᠎ᠠ ᠪᠠᠨ ᠰᠠᠴᠤᠷᠠᠭᠤᠯᠤᠨ᠂ ᠬᠦᠴᠦ ᠤᠬᠠᠭᠠᠨ ᠢᠶᠠᠨ ᠵᠣᠷᠢᠭᠤᠯᠵᠤ᠂ ᠪᠤᠳᠠᠳᠤ ᠠᠵᠢᠯᠯᠠᠭ᠎ᠠ ᠪᠠᠷ ᠢᠶᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠲᠠᠶᠢᠯᠪᠤᠷᠢᠯᠠᠵᠤ᠂ ᠬᠦᠴᠦ ᠬᠥᠳᠡᠯᠮᠦᠷᠢ ᠪᠠᠷ ᠢᠶᠠᠨ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠨ ᠤ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠦᠨ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号