ᠬᠠᠳᠬᠤᠮᠠᠯᠴᠢᠨ ᠤᠯᠠᠭᠠᠨᠳᠤᠶᠠᠭ᠎ᠠ ᠰᠦᠯᠵᠢᠶᠡᠨ ᠳᠠᠪᠴᠠᠩ ᠢ ᠠᠰᠢᠭᠯᠠᠨ 30 ᠲᠦᠮᠡᠨ ᠲᠦᠭᠦᠷᠢᠭ ᠤᠨ ᠤᠷᠤᠯᠭ᠎ᠠ ᠨᠡᠮᠡᠭᠳᠡᠬᠦᠯᠦᠯ᠎ᠡ
ᠨᠡᠶᠢᠲᠡᠯᠡᠭᠰᠡᠨ ᠴᠠᠭ᠄
2025/5/22
      ᠢᠰᠡᠭᠡᠶ ᠬᠠᠳᠬᠤᠮᠠᠯ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠨ ᠵᠠᠯᠭᠠᠮᠵᠢᠯᠠᠭᠴᠢ ᠤᠯᠠᠭᠠᠨᠲᠤᠶᠠᠭ᠎ᠠ ᠰᠦᠯᠵᠢᠶᠡᠨ ᠪᠤᠷᠤᠯᠠᠭᠤᠯᠭ᠎ᠠ᠂ ᠰᠦᠯᠵᠢᠶᠡᠨ ᠤ ᠰᠢᠭᠤᠳ ᠨᠡᠪᠳᠡᠷᠡᠬᠦᠯᠬᠡ ᠶᠢ ᠠᠰᠢᠭᠯᠠᠨ᠂ ᠢᠰᠡᠭᠡᠢ ᠬᠠᠳᠬᠤᠮᠠᠯ ᠤᠨ ᠪᠠᠭ᠋ᠠᠳᠠᠳ ᠲᠤ ᠤᠷ᠎ᠠ ᠮᠡᠷᠬᠡᠵᠢᠯ ᠵᠢᠭᠠᠨ᠂ ᠢᠰᠡᠬᠡᠢ ᠬᠠᠳᠬᠤᠮᠠᠯ ᠳᠤ ᠭᠡᠷᠡᠭᠰᠡᠬᠦ ᠮᠠᠲ᠋ᠧᠷᠢᠶᠠᠯ ᠪᠤᠷᠤᠯᠠᠭᠤᠯᠤᠭᠠᠳ 30 ᠲᠦᠮᠡᠨ ᠲᠦᠭᠦᠷᠢᠭ ᠤᠨ ᠤᠷᠤᠯᠭ᠎ᠠ ᠨᠡᠮᠡᠭᠳᠡᠬᠦᠯᠦᠯ᠎ᠡ᠃     ᠬᠤᠰᠢᠭᠤ ᠤᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠳᠤ ᠣᠷᠣᠪᠠᠯ᠂ ᠰᠢᠭᠤᠳ ᠨᠡᠪᠲᠡᠷᠡᠭᠦᠯᠭᠡ ᠶᠢᠨ ᠳᠠᠰᠤᠭ ᠲᠤ ᠠᠶᠢᠮᠠᠭ ᠤᠨ ᠳᠡᠰ ᠤᠨ ᠢᠰᠡᠭᠡᠢ ᠬᠠᠳᠬᠤᠮᠠᠯ ᠤᠨ ᠤᠯᠠᠮᠵᠢᠯᠠᠨ ᠵᠠᠯᠭᠠᠮᠵᠢᠯᠠᠭᠴᠢ ᠤᠯᠠᠭᠠᠨᠲᠤᠶᠠᠭ᠎ᠠ ᠶᠠᠭ ᠰᠠᠶᠢᠬᠠᠨ ᠰᠦᠯᠵᠢᠶᠡᠨ ᠤ ᠰᠢᠭᠤᠳ ᠨᠡᠪᠳᠡᠷᠡᠬᠦᠯᠬᠡ ᠪᠠᠷ ᠢᠰᠡᠬᠡᠢ ᠬᠠᠳᠬᠤᠮᠠᠯ ᠤᠨ ᠤᠷ᠎ᠠ ᠮᠡᠷᠭᠡᠵᠢᠯ ᠢ ᠵᠢᠭᠠᠵᠤ᠂ ᠰᠦᠯᠵᠢᠶᠡᠴᠢᠨ ᠤᠯᠠᠨ ᠤ ᠠᠰᠠᠭᠤᠯᠳᠠ ᠳᠤ ᠬᠦᠯᠢᠴᠡᠩᠭᠦᠢ ᠬᠠᠷᠢᠭᠤᠯᠵᠤ ᠪᠠᠶᠢᠯ᠎ᠠ᠃      ᠤᠯᠠᠭᠠᠨᠲᠤᠶᠠᠭ᠎ᠠ ᠪᠣᠯ ᠰᠠᠶᠢᠬᠠᠠᠠᠦ᠋ᠯᠵᠡᠢ ᠰᠤᠮᠤᠨ ᠤ ᠨᠤᠭᠤᠭᠠᠨᠰᠢᠯᠢ ᠭᠠᠴᠠᠭᠠᠨ ᠤ ᠮᠠᠯᠴᠢᠨ᠃ ᠦᠪᠡᠷ ᠤᠨ ᠳᠤᠷ᠎ᠠ ᠪᠠᠬ᠎ᠠ ᠠᠴᠠ ᠪᠠᠨ ᠡᠬᠦᠰᠦᠨ 2016 ᠣᠨ ᠠᠴᠠ ᠢᠰᠡᠭᠡᠢ ᠬᠠᠳᠬᠤᠮᠠᠯ ᠤᠨ ᠤᠷ᠎ᠠ ᠮᠡᠷᠭᠡᠵᠢᠯ ᠢ ᠡᠬᠢᠯᠡᠨ ᠰᠤᠳᠤᠯᠵᠤ᠂ 2017 ᠣᠨ ᠳᠤ ᠬᠤᠰᠢᠭᠤᠨ ᠲᠦᠪ ᠲᠤ ᠪᠠᠨ ᠲᠡᠭᠷᠢᠯᠢᠭ ᠦᠨᠳᠦᠰᠦᠲᠡᠨ ᠤ ᠰᠣᠶᠣᠯ ᠵᠠᠭᠤᠴᠢ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠤᠭᠰᠠᠨ ᠤ ᠬᠠᠮᠳᠤ ᠤᠯᠠᠮᠵᠢᠯᠠᠯᠲᠤ ᠢᠰᠡᠭᠡᠢ ᠬᠠᠳᠬᠤᠮᠠᠯ ᠢ ᠰᠢᠨ᠎ᠡ ᠦᠩᠬᠡ ᠪᠤᠳᠤᠭ ᠲᠠᠢ ᠠᠭᠤᠰᠬᠠᠵᠤ᠂ ᠢᠰᠡᠭᠡᠢ ᠬᠠᠳᠬᠤᠮᠠᠯ ᠤᠨ ᠪᠦᠲᠦᠭᠡᠯ ᠢ ᠲᠦᠮᠡᠨ ᠳᠤ ᠳᠡᠯᠭᠡᠷᠡᠬᠦᠯᠦᠨ᠂ ᠣᠶᠢᠷ᠎ᠠ ᠬᠠᠪᠢ ᠶᠢᠨ ᠬᠦᠮᠦᠰ ᠢᠶᠠᠨ ᠳᠠᠭᠠᠭᠤᠯᠤᠨ ᠢᠰᠡᠭᠡᠶ ᠬᠠᠳᠬᠤᠮᠠᠯ ᠤᠨ ᠤᠷ᠎ᠠ ᠮᠡᠷᠭᠡᠵᠢᠯ ᠢᠶᠠᠨ ᠵᠢᠭᠠᠵᠤ ᠤᠯᠠᠮᠵᠢᠯᠠᠵᠤ ᠪᠠᠶᠢᠭᠰᠠᠨ ᠪᠤᠯ᠂ ᠠᠭᠠᠵᠢᠮ ᠢᠶᠠᠷ ᠰᠤᠷᠬᠤ ᠬᠥᠮᠦᠨ ᠤᠯᠠᠮ ᠢᠶᠠᠷ ᠣᠯᠠᠰᠢᠷᠠᠵᠤ᠂ ᠰᠤᠷᠭᠠᠯᠳᠠ ᠬᠢᠵᠦ ᠡᠬᠢᠯᠡᠭᠰᠡᠨ ᠪᠠᠶᠢᠨ᠎ᠠ᠃ ᠰᠤᠷᠬᠤ ᠶᠢᠨ ᠬᠦᠰᠡᠯ ᠳᠤ ᠬᠦᠳᠦᠯᠦᠭᠳᠡᠨ᠂ ᠰᠦᠯᠵᠢᠶᠡᠨ ᠤ ᠰᠢᠨ᠎ᠡ ᠴᠠᠭ ᠦᠶ᠎ᠡ ᠶᠢᠨ ᠠᠯᠬᠤᠭ᠎ᠠ ᠳᠤ ᠬᠦᠯ ᠨᠡᠶᠢᠯᠡᠬᠦᠯᠦᠨ ᠤᠳᠤ ᠪᠤᠯᠬᠤ ᠳᠤ ᠲᠡᠷᠡ᠂ ᠰᠦᠯᠵᠢᠶᠡᠨ ᠤ ᠰᠢᠭᠤᠳ ᠨᠡᠪᠳᠡᠷᠡᠬᠦᠯᠬᠡ ᠶᠢᠨ ᠡᠪ ᠳᠡᠮ ᠢ ᠤᠯᠵᠤ᠂ ᠪᠥᠬᠦ ᠣᠷᠣᠨ ᠤ ᠡᠯ᠎ᠡ ᠭᠠᠵᠠᠷ᠂ ᠲᠡᠷᠡᠴᠢᠯᠡᠨ ᠪᠠᠰᠠ ᠰᠢᠨᠵᠢᠶᠠᠩ᠂ ᠭᠠᠨᠰᠦ ᠵᠡᠷᠭᠡ ᠠᠯᠤᠰ ᠬᠤᠯᠠ ᠶᠢᠨ ᠬᠠᠳᠬᠤᠮᠠᠯ  ᠤᠨ ᠪᠠᠭ᠋ᠠᠳᠠᠳ ᠲᠤ ᠦᠨ᠎ᠡ ᠲᠦᠯᠦᠪᠦᠷᠢ ᠦᠬᠡᠢ ᠪᠠᠷ ᠰᠦᠯᠵᠢᠶᠡᠨ ᠤ ᠬᠢᠴᠢᠶᠡᠯ ᠤᠷᠤᠵᠤ᠂ ᠰᠢᠭᠤᠳ ᠨᠡᠪᠲᠡᠷᠡᠭᠦᠯᠭᠡ  ᠪᠠᠷ ᠳᠠᠮᠵᠢᠨ ᠢᠰᠡᠭᠡᠶ ᠬᠠᠳᠬᠤᠮᠠᠯ ᠳᠤ ᠭᠡᠷᠡᠭᠰᠡᠬᠦ ᠮᠠᠲ᠋ᠧᠷᠢᠶᠠᠯ ᠪᠤᠷᠤᠯᠠᠭᠤᠯᠤᠨ᠂ 2024 ᠣᠨ ᠤ 5 ᠰᠠᠷ᠎ᠠ ᠠᠴᠠ ᠡᠬᠢᠯᠡᠨ ᠤᠳᠤ ᠪᠤᠯᠬᠤ ᠳᠤ ᠤᠪᠤᠭᠠᠬᠠᠨ ᠤᠷᠤᠯᠭ᠎ᠠ ᠲᠠᠢ᠂ ᠤᠯᠤᠭᠰᠠᠨ ᠠᠮᠵᠢᠯᠳᠠ ᠲᠠᠢ ᠬᠢᠯᠠᠷᠠᠭᠤᠯᠵᠤ᠂ ᠡᠨᠡ ᠵᠢᠯ  ᠤᠨ ᠤᠷᠤᠯᠭ᠎ᠠ ᠨᠢ ᠥᠩᠭᠡᠷᠡᠭᠰᠡᠨ ᠵᠢᠯ ᠤᠳ ᠠᠴᠠ ᠪᠠᠨ 30 ᠲᠦᠮᠡᠨ ᠲᠦᠭᠦᠷᠢᠭ ᠨᠡᠮᠡᠭᠳᠡᠭᠰᠡᠨ ᠪᠠᠶᠢᠨ᠎ᠠ᠃     ᠡᠬᠦᠨ ᠢᠶᠠᠷ ᠪᠠᠷᠠᠬᠤ ᠦᠬᠡᠢ ᠤᠯᠠᠮᠵᠢᠯᠠᠯᠳᠤ ᠭᠠᠷ ᠦᠢᠯᠡᠳᠪᠦᠷᠢ ᠶᠢᠨ ᠰᠤᠶᠤᠯ ᠳᠡᠦᠬᠡ ᠪᠠᠨ ᠨᠡᠩ ᠤᠯᠠᠨ ᠬᠦᠮᠦᠰ ᠲᠤ ᠮᠡᠳᠡᠬᠦᠯᠬᠦ ᠵᠤᠷᠢᠯᠭ᠎ᠠ ᠪᠠᠷ ᠤᠯᠠᠭᠠᠨᠲᠤᠶᠠᠭ᠎ᠠ ᠪᠠᠰᠠ 2.3 ᠲᠦᠮᠡᠨ ᠰᠦᠯᠵᠢᠶᠡᠨ ᠬᠦᠷᠢᠶᠡᠯᠡᠭᠴᠢ ᠳᠤ  ᠪᠠᠨ ᠢᠰᠡᠭᠡᠶ ᠬᠠᠳᠬᠤᠮᠠᠯ ᠤᠨ ᠤᠷ᠎ᠠ ᠮᠡᠷᠭᠡᠵᠢᠯ ᠵᠢᠴᠢ ᠡᠭᠦᠰᠦᠯ ᠭᠠᠷᠤᠯ᠂ ᠳᠡᠦᠬᠡ ᠤᠯᠠᠮᠵᠢᠯᠠᠯ ᠢ ᠶᠠᠷᠢᠵᠤ᠂ ︽ᠦᠨᠳᠦᠰᠦᠳᠡᠨ ᠤ ᠬᠢ ᠪᠤᠯ ᠰᠠᠶ᠋ᠢ ᠳᠡᠯᠡᠬᠡᠢ ᠶᠢᠨ ᠬᠢ︾ ᠪᠤᠯᠬᠤ ᠶᠤᠮ ᠬᠡᠵᠦ᠂ ᠤᠯᠠᠮᠵᠢᠯᠠᠯᠳᠤ ᠰᠤᠶᠤᠯ ᠢᠶᠠᠨ ᠨᠡᠩ ᠦᠷᠭᠡᠨ ᠬᠡᠪᠴᠢᠶᠡᠨ ᠳᠤ ᠳᠡᠯᠭᠡᠷᠡᠬᠦᠯᠬᠦ ᠪᠠᠷ ᠮᠡᠷᠡᠶᠢᠵᠦ ᠶᠠᠪᠤᠨ᠎ᠠ᠃      ᠤᠯᠠᠭᠠᠨᠲᠤᠶᠠᠭ᠎ᠠ ︵ᠢᠰᠡᠭᠡᠶ ᠬᠠᠳᠬᠤᠮᠠᠯ ᠪᠣᠯ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠨᠢᠭᠡ ᠮᠥᠨ᠂ ᠲᠤᠤᠷ ᠰᠦᠯᠵᠢᠶᠡᠨ ᠤ ᠲᠠᠪᠴᠠᠩ ᠳᠤ ᠲᠦᠰᠢᠭᠯᠡᠨ ᠨᠠᠩ ᠣᠯᠠᠨ ᠰᠣᠷᠣᠭᠴᠢ ᠬᠥᠮᠦᠵᠢᠭᠦᠯᠬᠦ ᠶᠢᠨ ᠲᠥᠯᠥᠭᠡ ᠶᠤᠮ᠃ ᠨᠢᠳᠤᠨᠤᠨ ᠪᠢᠳᠡ ᠭᠤᠷᠪᠠᠨ ᠮᠢᠩᠭ᠎ᠠ ᠭᠠᠷᠤᠶ ᠬᠥᠮᠦᠨ ᠳᠤ ᠵᠢᠭᠠᠵᠠᠢ᠃ ᠡᠨᠡ ᠵᠢᠯ ᠨᠠᠩ ᠣᠯᠠᠨ ᠬᠥᠮᠦᠨ ᠳᠤ ᠰᠤᠷᠭᠠᠯᠳᠠ ᠬᠢᠶ᠎ᠡ ᠬᠡᠵᠦ ᠪᠤᠳᠤᠵᠤ ᠪᠠᠶᠢᠨ᠎ᠠ᠃ ᠲᠤᠤᠷ ᠰᠦᠯᠵᠢᠶᠡᠨ ᠤ ᠲᠠᠪᠴᠠᠩ ᠢ ᠣᠲᠣ ᠶᠢᠨ ᠨᠡᠶᠢᠭᠡᠮ ᠳᠤ ᠥᠷᠭᠡᠨ ᠢᠶᠠᠷ ᠭᠡᠷᠡᠭᠯᠡᠵᠦ ᠪᠠᠶᠢᠨ᠎ᠠ᠂ ᠡᠨᠡ ᠪᠣᠯ ᠪᠢᠳᠡᠨ ᠤ ᠰᠤᠷᠤᠯᠴᠠᠪᠠᠯ ᠵᠣᠬᠢᠬᠤ ᠪᠥᠭᠡᠳ ᠠᠰᠢᠭᠯᠠᠬᠤ ᠬᠡᠷᠡᠭᠲᠡᠶ ᠪᠠᠭᠠᠵᠢ ᠬᠡᠷᠡᠭᠰᠡᠯ ᠪᠣᠯᠬᠤ ᠶᠤᠮ᠃ ᠢᠰᠡᠭᠡᠶ ᠬᠠᠳᠬᠤᠮᠠᠯ ᠢ ᠰᠤᠷᠬᠤ ᠳᠤ ᠬᠦᠴᠢᠷ ᠦᠬᠡᠢ᠂ ᠰᠠᠨᠠᠭ᠎ᠠ ᠲᠠᠯᠪᠢᠵᠤ ᠴᠢᠳᠠᠳᠠᠭ ᠯᠠ ᠶᠤᠮ ᠪᠣᠯ ᠬᠦᠮᠦᠨ ᠪᠤᠯᠭᠠᠨ ᠰᠤᠷᠴᠢᠬᠠᠨ᠎ᠠ᠂ ᠶᠠᠭᠠᠬᠢᠵᠦ ᠬᠡᠷᠡᠭᠯᠡᠭᠴᠢᠳ ᠲᠤ ᠳᠡᠯᠭᠡᠷᠡᠭᠦᠯᠬᠦ ᠨᠢ ᠨᠠᠩ ᠵᠠᠩᠭᠢᠯᠠᠭ᠎ᠠ ᠪᠣᠯᠵᠣ ᠪᠠᠶᠢᠨ᠎ᠠ᠂ ᠪᠢᠳᠡ ᠶᠠᠭ ᠲᠤᠤᠷ ᠰᠦᠯᠵᠢᠶᠡᠨ ᠤ ᠲᠠᠪᠴᠠᠩ ᠢᠶᠠᠷ ᠳᠠᠮᠵᠢᠭᠤᠯᠤᠨ ᠤᠯᠠᠮᠵᠢᠯᠠᠨ ᠳᠡᠯᠭᠡᠷᠡᠭᠦᠯᠬᠦ ᠪᠠᠷ ᠴᠢᠷᠮᠠᠶᠢᠵᠤ ᠪᠠᠶᠢᠨ᠎ᠠ᠃︶     ᠤᠯᠠᠭᠠᠨᠲᠤᠶᠠᠭ᠎ᠠ ᠶᠢᠨ ᠭᠠᠷ ᠱᠠᠪᠢ ᠲᠡᠭᠦᠰᠭᠡᠷᠡᠯ ᠴᠦ ᠳᠡᠬᠦᠨ ᠤ ᠳᠠᠭᠠᠭᠤᠯᠭ᠎ᠠ ᠪᠠᠷ ᠰᠦᠯᠵᠢᠶᠡᠨ ᠳᠠᠪᠴᠠᠩ ᠢ ᠴᠢᠳᠠᠮᠠᠭᠠᠢ ᠠᠰᠢᠭᠯᠠᠨ᠂ ᠰᠤᠶᠤᠯ ᠢᠶᠠᠨ ᠤᠯᠠᠮᠵᠢᠯᠠᠨ ᠳᠡᠯᠭᠡᠷᠡᠬᠦᠯᠵᠦ᠂ ᠤᠷᠤᠯᠭ᠎ᠠ ᠪᠠᠨ ᠨᠡᠮᠡᠭᠳᠡᠬᠦᠯᠬᠦ ᠵᠠᠮ ᠢᠶᠠᠷ ᠪᠠᠭᠰᠢ ᠲᠠᠢ ᠪᠠᠨ ᠬᠠᠮᠳᠤ ᠴᠢᠷᠮᠠᠶᠢᠵᠤ ᠶᠠᠪᠤᠨ᠎ᠠ᠃      ᠲᠡᠭᠦᠰᠭᠡᠷᠡᠯ ︵ᠪᠢ 2016 ᠣᠨ ᠠᠴᠠ ᠡᠬᠢᠯᠡᠨ ᠪᠠᠭᠰᠢ ᠠᠴᠠ ᠢᠰᠡᠭᠡᠶ ᠬᠠᠳᠬᠤᠮᠠᠯ ᠤᠨ ᠤᠷ᠎ᠠ ᠮᠡᠷᠭᠡᠵᠢᠯ ᠰᠤᠷᠴᠤ᠂ ᠨᠢᠭᠡᠨᠲᠡ 9 ᠵᠢᠯ ᠪᠤᠯᠵᠤ ᠪᠠᠶᠢᠨ᠎ᠠ᠃ ᠨᠢᠳᠤᠨᠤᠨ ᠡᠪᠦᠯ᠂ ᠪᠢᠳᠡ ᠰᠢᠭᠤᠳ ᠨᠡᠪᠲᠡᠷᠡᠭᠦᠯᠭᠡ ᠬᠢᠵᠦ᠂ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠨᠠᠩ ᠣᠯᠠᠨ ᠬᠥᠮᠦᠨ ᠳᠤ ᠢᠰᠡᠭᠡᠶ ᠤᠷᠠᠯᠠᠯ ᠢᠶᠠᠨ ᠤᠬᠠᠭᠤᠯᠵᠤ᠂ ᠤᠷ᠎ᠠ ᠮᠡᠷᠭᠡᠵᠢᠯ ᠢᠶᠠᠨ ᠦᠵᠡᠭᠦᠯᠬᠦ ᠶᠢᠨ ᠬᠠᠮᠲᠤ ᠪᠦᠲᠦᠭᠡᠯ ᠢᠶᠠᠨ ᠳᠡᠯᠭᠡᠷᠡᠭᠦᠯᠬᠦ ᠶᠢ ᠵᠤᠷᠢᠭᠰᠠᠨ ᠶᠤᠮ᠃︶     ᠰᠥᠨᠢᠳ ᠨᠤᠲᠤᠭ ᠤᠨ ᠠᠷᠠᠳ ᠲᠦᠮᠡᠨ ᠢᠩᠭᠢᠵᠦ ᠯᠡ ᠤᠮᠠᠷᠠᠲᠤ ᠬᠢᠯᠢ ᠶᠢᠨ ᠰᠣᠶᠣᠯ ᠢ ᠤᠯᠠᠮᠵᠢᠯᠠᠨ ᠳᠡᠯᠭᠡᠷᠡᠭᠦᠯᠬᠦ ᠶᠢ ᠪᠡᠶᠡᠴᠢᠯᠡᠨ ᠦᠢᠯᠡᠳᠦᠯᠭᠡᠵᠢᠭᠦᠯᠵᠦ ᠪᠠᠶᠢᠬᠤ ᠶᠢᠨ ᠬᠠᠮᠲᠤ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠠᠷᠭ᠎ᠠ ᠵᠠᠮ ᠢ ᠡᠷᠢᠯᠬᠢᠯᠡᠵᠦ ᠪᠠᠶᠢᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号