2025 ᠣᠨ ᠳᠤ᠂ ᠤᠯᠤᠰ ᠤᠨ ᠰᠢᠨ᠎ᠡ ᠨᠢᠭᠡ ᠡᠭᠡᠯᠵᠢ ᠶᠢᠨ ᠬᠡᠷ ᠤᠨ ᠴᠠᠬᠢᠯᠭᠠᠨ ᠬᠡᠷᠡᠭᠰᠡᠯ ᠤᠨ | ᠬᠡᠷᠡᠭᠯᠡᠭᠡᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠵᠢᠩᠬᠢᠨᠢ ᠪᠠᠷ ᠭᠡᠷᠡᠭᠵᠢᠬᠦᠯᠦᠭᠳᠡᠨ᠂ ᠪᠣᠬᠢᠷᠲᠤᠯ ᠥᠬᠡᠶ | ᠡᠨᠧᠷᠭᠢ ᠠᠷᠪᠢᠯᠠᠬᠤ ᠬᠡᠷ ᠤᠨ ᠴᠠᠬᠢᠯᠭᠠᠨ ᠬᠡᠷᠡᠭᠰᠡᠯ ᠢ ᠲᠦᠭᠡᠮᠡᠯᠵᠢᠭᠦᠯᠬᠦ ᠶᠢ ᠠᠬᠢᠭᠤᠯᠵᠤ᠂ ᠬᠡᠷᠡᠭᠯᠡᠭᠡᠨ ᠤ | ᠬᠦᠭᠵᠢᠯᠳᠡ ᠶᠢ ᠠᠬᠢᠭᠤᠯᠵᠤ ᠪᠠᠶᠢᠨ᠎ᠠ᠃ | ᠰᠠᠶᠢᠬᠠᠨᠲᠠᠯ᠎ᠠ ᠪᠠᠯᠭᠠᠰᠤᠨ ᠤ ᠨᠢᠭᠡᠨ ᠲᠣᠮᠣ ᠬᠡᠯᠪᠡᠷᠢ ᠶᠢᠨ ᠬᠡᠷ ᠤᠨ ᠴᠠᠬᠢᠯᠭᠠᠨ ᠬᠡᠷᠡᠭᠰᠡᠯ ᠤᠨ ᠬᠤᠳᠠᠯᠳᠤᠭᠠᠨ ᠤ | ᠲᠠᠯᠠᠪᠠᠶ ᠳᠤ᠂ ᠡᠯ᠎ᠡ ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠬᠠᠷᠠᠭᠠᠨ ᠳᠤ ᠳᠤᠳᠤᠷᠠᠵᠤ᠂ ᠤᠯᠤᠰ ᠤᠨ | ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢᠨ ᠫᠠᠶᠢᠰᠠ ᠢᠯᠡᠷᠭᠡᠶᠢᠯᠡᠯ ᠢ ᠳᠤᠳᠤᠷᠬᠠᠢ ᠳᠡᠯᠭᠡᠨ᠂ ᠬᠡᠷᠡᠭᠯᠡᠭᠴᠢᠳ ᠤᠨ | ᠠᠩᠬᠠᠷᠤᠯ ᠢ ᠳᠠᠳᠠᠨ᠎ᠠ᠃ | ᠣᠶᠢᠯᠠᠭᠠᠭᠰᠠᠨ ᠢᠶᠠᠷ᠂ ᠨᠢᠳᠤᠨᠤᠨ ᠤ 7 ᠰᠠᠷ᠎ᠠ ᠠᠴᠠ ᠡᠬᠢᠯᠡᠨ᠂ ᠤᠯᠤᠰ ᠠᠴᠠ ᠡᠨᠧᠷᠭᠢ ᠠᠷᠪᠢᠯᠠᠬᠤ ᠭᠡᠷ ᠤᠨ | ᠴᠠᠬᠢᠯᠭᠠᠨ ᠬᠡᠷᠡᠭᠰᠡᠯ ᠳᠤ ᠨᠥᠬᠦᠪᠥᠷᠢ ᠦᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ | ᠢᠯᠡᠳᠲᠡ ᠦᠷ᠎ᠡ ᠪᠦᠲᠦᠮᠵᠢ ᠤᠯᠵᠤ᠂ ᠡᠨᠡ ᠵᠢᠯ ᠰᠢᠨ᠎ᠡ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠳᠡᠬᠦ ᠶᠢ | ᠳᠠᠭᠠᠯᠳᠤᠨ᠂ ᠬᠤᠲᠠ ᠶᠢᠨ ᠠᠷᠠᠳ ᠤᠨ ᠬᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠠᠵᠤ ᠠᠬᠤᠢ ᠶᠢᠨ | ᠳᠠᠷᠤᠭᠠᠰᠤ ᠶᠢ ᠪᠠᠭ᠎ᠠ ᠪᠤᠰᠤ ᠬᠦᠩᠭᠡᠷᠡᠬᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠬᠡᠷ ᠤᠨ ᠴᠠᠬᠢᠯᠭᠠᠨ ᠬᠡᠷᠡᠭᠰᠡᠯ ᠤᠨ ᠬᠡᠷᠡᠭᠯᠡᠭᠡᠨ ᠤ ᠨᠥᠬᠦᠪᠥᠷᠢ ᠨᠢᠳᠤᠨᠤᠨ 8 ᠲᠣᠮᠣ | ᠲᠥᠷᠥᠯ ᠪᠠᠶᠢᠭᠰᠠᠨ ᠠᠴᠠ ᠪᠠᠨ ᠡᠨᠡ ᠵᠢᠯ 12 ᠲᠣᠮᠣ ᠲᠥᠷᠥᠯ ᠪᠣᠯᠵᠣ᠂ ᠤᠰᠤ ᠴᠡᠪᠡᠷᠰᠢᠭᠦᠯᠬᠦ ᠮᠠᠰᠢᠨ᠂ ᠠᠶᠠᠭ᠎ᠠ | ᠤᠬᠢᠶᠠᠬᠤ ᠮᠠᠰᠢᠨ᠂ ᠴᠠᠬᠢᠯᠭᠠᠨ ᠲᠣᠭᠤᠭ᠎ᠠ᠂ ᠪᠢᠴᠢᠯ ᠳᠣᠯᠭᠢᠶᠠᠨ ᠵᠤᠤᠬ᠎ᠠ ᠵᠡᠷᠭᠡ ᠳᠥᠷᠪᠡᠨ ᠲᠣᠮᠣ ᠲᠥᠷᠥᠯ ᠢ | ᠨᠡᠮᠡᠵᠦ᠂ ᠪᠠᠰᠠ ᠭᠠᠷ ᠤᠲᠠᠰᠤ᠂ ᠤᠶᠤᠨᠲᠤ ᠭᠠᠷ ᠴᠠᠭ ᠵᠡᠷᠭᠡ ᠲᠣᠭᠠᠴᠢᠯᠠᠭᠰᠠᠨ ᠦᠢᠯᠡᠳᠬᠦᠨ ᠤ ᠨᠥᠬᠦᠪᠥᠷᠢ ᠶᠢ | ᠨᠡᠮᠡᠭᠰᠡᠨ ᠢᠶᠠᠷ ᠪᠠᠷᠠᠬᠤ ᠦᠬᠡᠢ ᠳᠤᠭᠤᠭᠠᠨ ᠭᠡᠷ᠂ ᠠᠷᠢᠭᠤᠨ ᠴᠡᠪᠡᠷ ᠤᠨ ᠦᠷᠦᠭᠡᠨ ᠤ ᠴᠠᠬᠢᠯᠭᠠᠨ ᠬᠡᠷᠭᠰᠡᠯ᠂ ᠮᠠᠰᠢᠨ | ᠲᠡᠷᠭᠡᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠵᠡᠷᠭᠡ ᠶᠢ ᠨᠡᠮᠡᠭᠰᠡᠨ | ᠪᠠᠶᠢᠨ᠎ᠠ᠃ | ᠤᠯᠤᠰ ᠤᠨ ᠨᠥᠬᠦᠪᠥᠷᠢ ᠶᠢᠨ ᠰᠢᠨ᠎ᠡ ᠲᠦᠷᠦ ᠶᠢᠨ ᠪᠤᠳᠤᠯᠭ᠎ᠠ ᠨᠢ ᠥᠷᠭᠡᠨ ᠣᠯᠠᠨ ᠬᠤᠲᠠ ᠶᠢᠨ ᠠᠷᠠᠳ ᠤᠨ | ᠬᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠳᠤ ᠨᠠᠩ ᠥᠷᠭᠡᠨ ᠰᠣᠩᠭᠤᠯᠲᠠ ᠬᠠᠩᠭᠠᠭᠰᠠᠨ ᠤ ᠬᠠᠮᠳᠤ | ᠭᠡᠷᠡᠭᠯᠡᠭᠡᠨ ᠤ ᠬᠠᠯᠠᠮᠰᠢᠯ ᠢ ᠪᠤᠢ ᠪᠤᠯᠭᠠᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠢ ᠠᠷᠠᠳ ᠣᠯᠠᠨ ᠳᠤ | ᠪᠣᠳᠠᠲᠤ ᠠᠰᠢᠭ ᠬᠦᠷᠲᠡᠭᠡᠭᠰᠡᠨ ᠭᠡᠵᠦ ᠮᠠᠰᠢ ᠣᠯᠠᠨ ᠬᠤᠳᠠ ᠶᠢᠨ ᠰᠠᠭᠤᠭᠠᠯᠢ ᠠᠷᠠᠳ ᠦᠵᠡᠵᠡᠬᠡᠵᠦ ᠪᠠᠶᠢᠨ᠎ᠠ᠃ |