︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ᠂ ᠬᠡᠷᠡᠭᠯᠡᠭᠡᠨ ᠤ ᠬᠠᠯᠠᠭᠤᠨ | ᠥᠷᠨᠢᠯᠲᠡ ᠭᠠᠷᠬᠤ ᠨᠢ ᠳᠠᠮᠵᠢᠭ ᠦᠭᠡᠢ ᠶᠤᠮ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠣᠭᠲᠠᠭᠤᠨ ᠪᠠᠶᠢᠬᠤ | ᠡᠰᠡᠬᠦ ᠨᠢ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠪᠠ ᠬᠡᠷᠡᠭᠯᠡᠭᠡ ᠲᠠᠢ ᠰᠢᠭᠤᠳ ᠬᠤᠯᠪᠤᠭᠳᠠᠵᠦ | ᠪᠠᠶᠢᠳᠠᠭ᠃ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠣᠷᠴᠢᠨ | ᠨᠥᠬᠦᠴᠡᠯ ᠢ ᠪᠣᠢ ᠪᠣᠯᠭᠠᠬᠤ ᠶᠢ ᠪᠠᠲᠤᠯᠠᠬᠤ ᠶᠢᠨ ᠲᠥᠯᠥᠭᠡ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠦᠨ᠎ᠡ ᠬᠠᠩᠰᠢ ᠶᠢᠨ ᠲᠤᠰᠬᠠᠢ ᠪᠠᠶᠢᠴᠠᠭᠠᠯᠲᠠ ᠶᠢᠨ ᠠᠵᠢᠯ ᠥᠷᠨᠢᠭᠦᠯᠵᠦ᠂ ᠵᠠᠬ᠎ᠠ | ᠳᠡᠯᠭᠡᠭᠦᠷ ᠤᠨ ᠦᠨ᠎ᠡ ᠬᠠᠩᠰᠢ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠪᠠ᠃ | ᠠᠮᠠᠷᠠᠯᠲᠠ ᠶᠢᠨ ᠬᠤᠭᠤᠴᠠᠭᠠᠨ ᠤ ᠬᠡᠷᠡᠭᠯᠡᠭᠡᠨ ᠤ ᠣᠨᠴᠠᠯᠢᠭ ᠲᠤ ᠴᠢᠭᠯᠡᠭᠦᠯᠦᠨ᠂ ᠬᠤᠰᠢᠭᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠠᠨ ᠤ ᠬᠤᠰᠢᠭᠤᠨ ᠤ ᠴᠢᠯᠦᠭᠡᠲᠦ ᠳᠡᠯᠭᠡᠭᠦᠷ᠂ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ ᠢᠳᠡᠭᠡᠨ ᠤᠮᠳᠠᠭᠠᠨ ᠵᠡᠷᠭᠡ | ᠲᠠᠯᠠᠪᠤᠷ ᠲᠤ ᠨᠠᠷᠢᠨ ᠪᠠᠶᠢᠴᠠᠭᠠᠯᠲᠠ ᠬᠢᠵᠦ᠂ ᠦᠨ᠎ᠡ ᠬᠠᠩᠰᠢ ᠶᠢ ᠢᠯᠡ ᠬᠠᠳᠠᠬᠤ᠂ ᠪᠣᠷᠣᠯᠠᠭᠤᠯᠭ᠎ᠠ ᠶᠢ ᠠᠬᠢᠭᠤᠯᠬᠤ | ᠤᠬᠠᠭᠤᠯᠭ᠎ᠠ ᠵᠡᠷᠭᠡ ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠵᠢᠷᠤᠮᠵᠢᠭᠤᠯᠵᠤ᠂ ᠤᠤᠯ ᠦᠨ᠎ᠡ ᠬᠠᠩᠰᠢ ᠶᠢ | ᠬᠠᠭᠤᠷᠮᠠᠭᠯᠠᠬᠤ᠂ ᠦᠨ᠎ᠡ ᠬᠠᠩᠰᠢ ᠶᠢᠨ ᠮᠡᠬᠡᠯᠡᠯ ᠶᠠᠪᠤᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠶᠢᠨ ᠬᠠᠮᠲᠤ ᠬᠠᠮᠢᠶ᠎ᠠ ᠪᠦᠬᠦᠢ | ᠡᠵᠡᠩᠨᠡᠭᠴᠢ ᠳᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ ︽ | ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠦᠭᠬᠦ | ᠲᠣᠭᠲᠠᠭᠠᠯ︾᠂ ︽ᠦᠨ᠎ᠡ ᠬᠠᠩᠰᠢ ᠶᠢ ᠢᠯᠡ ᠬᠠᠳᠠᠬᠤ ᠪᠠ ᠦᠨ᠎ᠡ ᠬᠠᠩᠰᠢ ᠶᠢᠨ ᠮᠡᠬᠡᠯᠡᠯ ᠶᠠᠪᠤᠭᠤᠯᠬᠤ ᠶᠢ | ᠴᠠᠭᠠᠵᠠᠯᠠᠬᠤ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠦᠨ᠎ᠡ ᠬᠠᠩᠰᠢ ᠶᠢᠨ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠠᠰᠠᠭᠤᠳᠠᠯ ᠢ | ᠵᠠᠯᠠᠷᠠᠭᠤᠯᠬᠤ ᠶᠢ ᠵᠢᠯᠣᠭᠤᠳᠤᠨ ᠵᠢᠷᠤᠮᠵᠢᠭᠤᠯᠵᠤ᠂ ᠡᠵᠡᠩᠨᠡᠭᠴᠢᠳ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠥᠲᠥᠯᠥᠨ ᠵᠢᠯᠣᠭᠤᠳᠴᠤ ᠪᠠᠶᠢᠭᠠᠳ ᠦᠨ᠎ᠡ ᠬᠠᠩᠰᠢ ᠶᠢᠨ ᠲᠠᠯ᠎ᠠ ᠪᠠᠷ | ᠦᠪᠡᠷ ᠢ ᠪᠠᠨ ᠵᠢᠷᠤᠮᠵᠢᠭᠤᠯᠵᠦ᠂ ᠬᠠᠤᠯᠢ ᠴᠠᠭᠠᠵᠠ ᠶᠢ ᠴᠢᠩᠭ᠎ᠠ ᠰᠠᠬᠢᠨ᠂ ᠦᠨ᠎ᠡ ᠬᠠᠩᠰᠢ ᠶᠢᠨ ᠮᠡᠬᠡᠯᠡᠯ ᠤᠨ | ᠲᠦᠭᠰᠢᠭᠦᠷᠢ ᠠᠴᠠ ᠪᠤᠯᠭᠤᠮᠵᠢᠯᠠᠵᠦ᠂ ᠬᠠᠤᠯᠢ ᠶᠣᠰᠣᠭᠠᠷ ᠡᠵᠡᠩᠨᠡᠨ᠂ ᠪᠣᠯᠪᠠᠰᠤᠨ ᠳᠦᠷᠢ ᠲᠥᠷᠬᠦ ᠪᠠᠨ | ᠳᠡᠭᠡᠭᠰᠢᠯᠡᠭᠦᠯᠬᠦ ᠬᠡᠷᠡᠭᠲᠡᠢ ᠭᠡᠵᠦ ᠵᠢᠯᠤᠭᠤᠳᠪᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠦᠨ᠎ᠡ ᠬᠠᠩᠰᠢ ᠶᠢᠨ ᠬᠢᠨᠠᠯᠲᠠ ᠲᠠᠯᠪᠢᠯᠲᠠ | ᠪᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠠᠰᠤᠭ ᠤᠨ ᠬᠠᠷᠢᠭᠤᠴᠠᠯᠭᠠᠲᠠᠨ ᠭᠦᠩ ᠴᠠᠩ ᠬᠤᠩ᠄ ᠪᠢᠳᠡᠨ | ᠤ ᠪᠠᠶᠢᠴᠠᠭᠠᠯᠳᠠ ᠠᠴᠠ ᠦᠵᠡᠪᠡᠯ ᠪᠦᠬᠦ ᠬᠤᠰᠢᠭᠤᠨ ᠤ ᠣᠳᠣᠬᠠᠨ ᠤ ᠪᠠᠷᠠᠭᠠᠨ ᠤ ᠦᠨ᠎ᠡ ᠬᠠᠩᠰᠢ ᠲᠣᠭᠲᠠᠭᠤᠨ | ᠪᠦᠭᠡᠳ ᠬᠠᠩᠭᠠᠯᠭ᠎ᠠ ᠭᠦᠢᠴᠡᠳ ᠪᠠᠶᠢᠨ᠎ᠠ᠃ ᠲᠠᠪᠤᠨ ᠰᠠᠷ᠎ᠠ ᠶᠢᠨ ᠨᠢᠭᠡᠨ ᠬᠤᠭᠤᠴᠠᠭᠠᠨ ᠳᠤ ᠦᠨ᠎ᠡ ᠥᠰᠬᠦ ᠪᠤᠶᠤ | ᠦᠨ᠎ᠡ ᠥᠰᠬᠡᠬᠦ ᠪᠠᠶᠢᠳᠠᠯ ᠭᠠᠷᠤᠭᠰᠠᠨ ᠦᠭᠡᠢ᠃ ᠲᠤᠰ ᠤᠳᠠᠭᠠᠨ ᠤ ᠪᠠᠶᠢᠴᠠᠭᠠᠯᠲᠠ ᠪᠠᠷ ᠳᠠᠮᠵᠢᠭᠠᠳ᠂ ᠪᠦᠬᠦ | ᠬᠤᠰᠢᠭᠤᠨ ᠤ ᠤᠯᠠᠨ ᠲᠦᠮᠡᠨ ᠵᠢᠴᠢ ᠭᠠᠳᠠᠨ᠎ᠠ ᠣᠷᠣᠨ ᠤ ᠵᠢᠭᠤᠯᠴᠢᠯᠠᠭᠰᠠᠳ ᠦᠨ᠎ᠡ ᠬᠠᠩᠰᠢ ᠶᠢᠨ ᠲᠣᠭᠲᠠᠭᠤᠨ | ᠪᠠᠶᠢᠳᠠᠯ ᠢ ᠤᠯᠵᠦ ᠮᠡᠳᠡᠬᠦ ᠪᠤᠯᠤᠨ᠎ᠠ᠃ | ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠤᠯᠠᠩᠬᠢ ᠬᠤᠳᠠᠯᠳᠤᠭᠠᠴᠢᠳ ᠴᠥᠮ ᠦᠨ᠎ᠡ ᠬᠠᠩᠰᠢ ᠶᠢᠨ | ᠲᠣᠭᠲᠠᠭᠠᠯ ᠢ ᠴᠢᠩᠭ᠎ᠠ ᠵᠢᠷᠤᠮᠯᠠᠨ᠂ ᠰᠠᠨᠠᠭᠠᠴᠢᠯᠠᠭ᠎ᠠ ᠠᠴᠠ ᠪᠠᠨ ᠵᠢᠷᠤᠮᠵᠢᠭᠤᠯᠵᠤ᠂ ᠦᠨ᠎ᠡ ᠬᠠᠩᠰᠢ ᠶᠢᠨ ᠲᠣᠭᠲᠠᠭᠤᠨ | ᠢ ᠪᠠᠲᠤᠯᠠᠵᠤ᠂ ᠡᠯ᠎ᠡ ᠲᠥᠷᠥᠯ ᠤᠨ ᠲᠠᠸᠠᠷ ᠤᠨ ᠬᠠᠩᠭᠠᠯᠭ᠎ᠠ ᠭᠦᠢᠴᠡᠳ ᠪᠦᠭᠡᠳ ᠦᠨ᠎ᠡ ᠬᠠᠩᠰᠢ ᠶᠢ ᠢᠯᠡ | ᠬᠠᠳᠠᠭᠰᠠᠨ ᠪᠠᠶᠢᠳᠠᠯ ᠰᠠᠶᠢᠨ ᠠᠴᠠ ᠬᠡᠷᠡᠭᠯᠡᠭᠴᠢᠳ ᠤᠨ ᠰᠠᠨᠠᠭ᠎ᠠ ᠠᠮᠤᠷ ᠬᠤᠳᠠᠯᠳᠤᠨ ᠠᠪᠬᠤ ᠶᠢ ᠪᠠᠳᠤᠯᠠᠭᠰᠠᠨ | ᠪᠠᠶᠢᠨ᠎ᠠ᠃ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶᠠᠨ ᠤ ᠦᠨ᠎ᠡ ᠬᠠᠩᠰᠢ ᠶᠢᠨ ᠬᠢᠨᠠᠯᠲᠠ ᠲᠠᠯᠪᠢᠯᠲᠠ | ᠪᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠠᠰᠤᠭ ᠤᠨ ᠬᠠᠷᠢᠭᠤᠴᠠᠯᠭᠠᠲᠠᠨ ᠭᠦᠩ ᠴᠠᠩ ᠬᠤᠩ᠄ | ᠬᠤᠶᠢᠰᠢᠳᠠ ᠶᠢᠨ ᠠᠵᠢᠯ ᠤᠨ ᠳᠤᠮᠳᠠ᠂ ᠪᠢᠳᠡ ᠬᠠᠤᠯᠢ ᠬᠡᠷᠡᠭᠵᠢᠭᠦᠯᠦᠯᠲᠡ ᠶᠢᠨ ᠡᠷᠴᠢᠮ ᠢᠶᠠᠨ ᠦᠷᠭᠦᠯᠵᠢᠯᠡᠨ | ᠴᠢᠩᠭᠠᠳᠬᠠᠵᠦ᠂ ᠦᠨ᠎ᠡ ᠬᠠᠩᠰᠢ ᠶᠢᠨ ᠬᠠᠤᠯᠢ ᠪᠤᠰᠤ ᠪᠠᠷ ᠥᠰᠦᠭᠰᠡᠨ ᠪᠤᠶᠤ ᠬᠤᠷᠠᠮᠳᠤᠭᠤᠯᠤᠨ ᠳᠠᠷᠤᠵᠤ ᠬᠤᠨᠵᠢᠨ | ᠵᠠᠪᠳᠤᠭᠰᠠᠨ ᠪᠠᠶᠢᠳᠠᠯ ᠢ ᠪᠠᠶᠢᠴᠠᠭᠠᠨ ᠰᠢᠢᠳᠪᠦᠷᠢᠯᠡᠵᠦ᠂ ᠮᠠᠨ ᠤ ᠬᠤᠰᠢᠭᠤᠨ ᠤ ᠦᠨ᠎ᠡ ᠬᠠᠩᠰᠢ ᠶᠢᠨ ᠲᠣᠭᠲᠠᠭᠤᠨ ᠢ | ᠠᠯᠢ ᠴᠢᠳᠠᠬᠤ ᠪᠠᠷ ᠪᠠᠲᠤᠯᠠᠵᠤ᠂ ᠡᠨᠡ ᠬᠦ ᠠᠵᠢᠯ ᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠣᠯᠭᠠᠨ ᠬᠢᠵᠦ᠂ | ᠪᠠᠷᠠᠭᠠᠨ ᠤ ᠦᠨ᠎ᠡ ᠶᠢᠨ ᠲᠣᠭᠲᠠᠭᠤᠨ ᠪᠠᠶᠢᠬᠤ ᠶᠢ ᠠᠯᠢ ᠴᠢᠳᠠᠬᠤ ᠪᠠᠷ ᠪᠠᠲᠤᠯᠠᠨ᠎ᠠ᠃ |