ᠬᠠᠪᠰᠤᠷᠤᠨ ᠬᠦᠢᠴᠡᠳᠭᠡᠬᠦ ᠪᠠ ᠣᠷᠣᠯᠠᠨ ᠬᠦᠢᠴᠡᠳᠬᠡᠬᠦ ᠦᠢᠯᠡᠴᠢᠯᠡᠭᠡ ᠪᠠᠷ ᠦᠳᠡᠯᠦᠬᠡ ᠪᠤᠭᠤᠷᠤᠯᠴᠤᠳ  ᠲᠤ ᠲᠦᠭᠦᠮ ᠦᠵᠡᠬᠦᠯᠵᠦ ᠪᠠᠶᠢᠨ᠎ᠠ
ᠨᠡᠶᠢᠲᠡᠯᠡᠭᠰᠡᠨ ᠴᠠᠭ᠄
2025/5/9
      ᠤᠶᠢᠷ᠎ᠠ ᠶᠢᠨ ᠵᠢᠯ ᠳᠤ᠂ ᠮᠠᠨ ᠤ ᠬᠤᠰᠢᠭᠤ ᠦᠨᠳᠦᠷ ᠪᠦᠲᠦᠮᠵᠢᠳᠡᠢ ᠨᠠᠷᠢᠯᠢᠭ ᠤᠨᠤᠴᠠᠳᠠᠢ ︽ᠬᠠᠪᠰᠤᠷᠤᠨ ᠬᠦᠢᠴᠡᠳᠭᠡᠬᠦ ᠤᠷᠤᠯᠠᠨ ᠬᠦᠢᠴᠡᠳᠬᠡᠬᠦ︾ ᠦᠢᠯᠡᠴᠢᠯᠡᠬᠡᠨ ᠤ ᠵᠠᠭᠪᠤᠷ ᠢ ᠬᠦᠴᠦᠯᠡᠨ ᠪᠠᠶᠢᠭᠤᠯᠵᠤ᠂ ᠤᠯᠠᠨ ᠲᠦᠮᠡᠨ  ᠤ ︽ᠳᠤᠬᠠᠶᠢᠯᠠᠭᠰᠠᠨ ᠠᠵᠢᠯ ᠬᠦᠢᠴᠡᠳᠬᠡᠬᠦᠯᠬᠦ ᠳᠤ ᠬᠦᠴᠢᠷ᠂ ᠤᠴᠢᠷ ᠶᠠᠪᠤᠳᠠᠯ ᠬᠦᠢᠴᠡᠳᠬᠡᠬᠦ ᠳᠤ ᠤᠳᠠᠭᠠᠨ︾ ᠵᠡᠷᠭᠡ ᠪᠤᠳᠠᠳᠤ ᠬᠦᠴᠢᠷᠳᠡᠯ ᠢ ᠪᠦᠲᠦᠮᠵᠢᠳᠡᠢ ᠰᠢᠢᠳᠪᠦᠷᠢᠯᠡᠨ᠂ ᠬᠠᠯᠠᠭᠤᠨ ᠰᠡᠳᠬᠢᠯᠲᠦ ᠦᠢᠯᠡᠴᠢᠯᠡᠭᠡ ᠪᠠᠷ ᠰᠠᠭᠤᠭᠠᠯᠢ ᠠᠷᠠᠳ ᠲᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠵᠦ᠂ ᠵᠤᠯ ᠵᠢᠷᠭᠠᠯᠳᠤ ᠲᠦᠷᠦᠭᠳᠡᠯ ᠢ ᠨᠢ ᠨᠡᠮᠡᠭᠳᠡᠬᠦᠯᠵᠦ ᠪᠠᠶᠢᠨ᠎ᠠ᠃     ᠦᠷᠯᠦᠬᠡ ᠡᠷᠳᠡ᠂ ᠰᠠᠶᠢᠬᠠᠨᠲᠠᠯ᠎ᠠ ᠪᠠᠯᠭᠠᠰᠤᠨ ᠤ ᠪᠤᠯᠠᠭ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠨᠠᠰᠤᠳᠠᠶᠢᠴᠤᠳ ᠮᠦᠷᠯᠡᠨ᠂ ᠬᠠᠪᠰᠤᠷᠤᠨ ᠬᠦᠢᠴᠡᠳᠭᠡᠬᠦ ᠪᠠ ᠣᠷᠣᠯᠠᠨ ᠬᠦᠢᠴᠡᠳᠬᠡᠬᠦ ᠠᠵᠢᠯᠳᠠᠳ ᠤᠨ ᠬᠠᠪᠰᠤᠷᠤᠯᠭ᠎ᠠ ᠪᠠᠷ᠂ ᠰᠠᠷ᠎ᠠ ᠪᠤᠯᠭᠠᠨ ᠨᠢᠬᠡ ᠤᠳᠠᠭ᠎ᠠ ᠭᠠᠷ ᠤᠳᠠᠰᠤᠨ ᠳᠡᠭᠡᠷ᠎ᠡ ᠰᠢᠯᠭᠠᠭᠤᠯᠳᠠᠭ ᠨᠠᠰᠤᠵᠢᠯ ᠤᠨ ᠳᠠᠭᠠᠳᠬᠠᠯ ᠤᠨ ᠭᠡᠷᠡᠴᠢᠯᠡᠭᠡ ᠪᠠᠨ ᠬᠢᠵᠦ ᠪᠠᠶᠢᠯ᠎ᠠ᠃     ᠪᠤᠯᠠᠭ ᠨᠡᠶᠢᠭᠡᠮ ᠲᠣᠭᠤᠷᠢᠭ ᠪᠣᠯ ᠰᠠᠶᠢᠬᠠᠨᠲᠠᠯ᠎ᠠ ᠪᠠᠯᠭᠠᠰᠤᠨ ᠤ ᠨᠠᠰᠤᠲᠠᠶᠢᠴᠤᠳ ᠨᠡᠯᠢᠶᠡᠳ ᠲᠥᠪᠯᠡᠷᠡᠩᠭᠦᠶ ᠰᠠᠭᠤᠷᠢᠰᠢᠵᠤ ᠪᠠᠶᠢᠭ᠎ᠠ ᠨᠡᠶᠢᠭᠡᠮ ᠲᠣᠭᠤᠷᠢᠭ ᠪᠣᠯᠤᠨ᠎ᠠ᠃ ᠨᠠᠰᠤᠲᠠᠶᠢᠴᠤᠳ ᠤᠨ ᠣᠶᠤᠨᠴᠢ ᠭᠠᠷ ᠤᠲᠠᠰᠤ ᠬᠡᠷᠡᠭᠯᠡᠵᠦ ᠴᠢᠳᠠᠬᠤ ᠥᠬᠡᠶ᠂ ᠬᠠᠷᠠᠭ᠎ᠠ ᠰᠤᠨᠤᠷ ᠠᠨᠠᠢ ᠵᠡᠷᠭᠡ ᠪᠤᠳᠠᠳᠤ ᠠᠰᠠᠭᠤᠳᠠᠯ ᠳᠤ ᠴᠢᠭᠯᠡᠬᠦᠯᠦᠨ᠂ ᠨᠡᠶᠢᠭᠡᠮ ᠲᠣᠭᠤᠷᠢᠭ  ᠠᠴᠠ ᠬᠠᠪᠰᠤᠷᠤᠨ ᠬᠦᠢᠴᠡᠳᠭᠡᠬᠦ ᠪᠠ ᠣᠷᠣᠯᠠᠨ ᠬᠦᠢᠴᠡᠳᠬᠡᠬᠦ ᠦᠢᠯᠡᠴᠢᠯᠡᠬᠡᠨ ᠤ ᠠᠩᠬᠢ ᠶᠢ ᠵᠣᠬᠢᠶᠠᠨ ᠪᠠᠶᠢᠭᠤᠯᠵᠤ᠂ ︽ᠴᠤᠩᠬᠤᠪᠴᠢ ᠶᠢᠨ ᠠᠯᠪᠠᠨ ᠭᠡᠷ + ᠭᠡᠷ ᠲᠤᠨᠢ ᠬᠦᠷᠴᠦ ᠭᠦᠢᠴᠡᠳᠬᠡᠬᠦ︾ ᠵᠠᠭᠪᠤᠷ ᠢᠶᠠᠷ ᠳᠠᠮᠵᠢᠭᠤᠯᠤᠨ᠂ ᠬᠠᠷᠢᠶ᠎ᠠ ᠣᠷᠣᠨ ᠤ ᠰᠠᠭᠤᠭᠠᠯᠢ ᠠᠷᠠᠳ ᠲᠤ ᠨᠡᠶᠢᠭᠡᠮ ᠤᠨ ᠳᠠᠭᠠᠳᠬᠠᠯ ᠤᠨ ᠭᠡᠷᠡᠴᠢᠯᠡᠭᠡ᠂ ᠨᠠᠰᠤᠵᠢᠯ ᠤᠨ ᠳᠠᠭᠠᠳᠬᠠᠯ ᠤᠨ ᠬᠡᠷᠡᠴᠢᠯᠡᠭᠡ᠂ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ᠂ ᠬᠤᠳᠠ ᠪᠠᠯᠭᠠᠰᠤᠨ ᠤ ᠪᠤᠰᠤ ᠡᠷᠦᠬᠡ ᠠᠮᠠ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠭᠠᠳᠤ ᠡᠷᠦᠭᠡ ᠶᠢᠨ ᠲᠣᠭᠲᠠᠮᠠᠯ ᠬᠤᠭᠤᠴᠠᠭᠠᠲᠤ ᠰᠢᠰᠲ᠋ᠧᠮ ᠤᠨ ᠭᠡᠷᠡᠴᠢᠯᠡᠭᠡ᠂ ᠤᠰᠤ ᠴᠠᠬᠢᠯᠭᠠᠨ ᠤ ᠰᠦᠢᠳᠬᠡᠯ ᠲᠤᠰᠢᠶᠠᠬᠤ ᠵᠡᠷᠭᠡ ᠤᠯᠠᠨ ᠳᠠᠯ᠎ᠠ ᠪᠠᠷ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠦᠢᠯᠡᠴᠢᠯᠡᠬᠡᠨ ᠤ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠳᠤ ᠲᠦᠬᠦᠮ ᠦᠵᠡᠬᠦᠯᠦᠨ᠂ ᠵᠤᠯ ᠵᠢᠷᠭᠠᠯᠳᠤ ᠲᠦᠷᠦᠭᠳᠡᠯ ᠢ ᠨᠢ ᠨᠡᠮᠡᠭᠳᠡᠬᠦᠯᠵᠦ ᠪᠠᠶᠢᠨ᠎ᠠ᠃     ᠪᠤᠯᠠᠭ ᠨᠡᠶᠢᠭᠡᠮ ᠲᠣᠭᠤᠷᠢᠭ ᠤᠨ ᠶᠤᠸᠠᠨ ᠨᠠᠰᠤᠲᠠᠨ ᠬᠥᠳᠡᠯᠵᠦ ᠪᠠᠷᠢᠬᠤ ᠳᠤ ᠳᠥᠭᠦᠮ ᠦᠭᠡᠢ ᠪᠣᠯᠬᠤᠷ᠂ ᠠᠵᠢᠯᠲᠠᠳ ᠰᠠᠷ᠎ᠠ ᠪᠦᠷᠢ ᠬᠠᠮᠤᠭ ᠤᠨ ᠲᠡᠷᠢᠭᠦᠨ ᠳᠤ ᠨᠠᠰᠤᠲᠠᠨ ᠤ ᠭᠡᠷ ᠲᠤ ᠬᠦᠷᠴᠦ ᠬᠡᠷᠡᠴᠢᠯᠡᠭᠡ ᠶᠢ ᠨᠢ ᠬᠢᠵᠦ ᠦᠭᠭᠦᠨ᠂ ᠨᠠᠰᠤᠵᠢᠯ ᠤᠨ ᠳᠠᠭᠠᠳᠬᠠᠯ ᠤᠨ ᠨᠦᠬᠦᠪᠦᠷᠢ ᠪᠠᠨ ᠳᠤᠭᠳᠠᠭᠰᠠᠨ ᠴᠠᠭ ᠲᠤ ᠪᠠᠨ ᠤᠯᠬᠤ ᠶᠢ ᠨᠢ ᠪᠠᠳᠤᠯᠠᠳᠠᠭ᠃ ᠡᠨᠡ ᠰᠠᠷ᠎ᠠ᠂ ᠡᠷᠦᠬᠡ ᠳᠤ ᠣᠷᠣᠬᠤ ᠠᠴᠠ ᠡᠮᠦᠨ᠎ᠡ᠂ ᠨᠠᠰᠤᠲᠠᠨ ᠤ ᠪᠡᠶ᠎ᠡ ᠵᠡᠮᠳᠡᠭ᠂ ᠵᠡᠮᠳᠡᠭ ᠤᠨ ᠦᠨᠡᠮᠯᠡᠯ ᠬᠦᠢᠴᠡᠳᠬᠡᠬᠦᠯᠬᠦ ᠱᠠᠭᠠᠷᠳᠠᠯᠭ᠎ᠠ ᠲᠠᠢ ᠪᠠᠶᠢᠬᠤ ᠶᠢ ᠪᠣᠳᠣᠯᠬᠢᠯᠠᠨ᠂ ᠨᠡᠶᠢᠭᠡᠮ ᠲᠣᠭᠤᠷᠢᠭ ᠤᠨ ᠬᠢᠨ ᠰᠠᠨᠠᠭᠠᠴᠢᠯᠠᠭ᠎ᠠ ᠠᠴᠠ ᠪᠠᠨ ᠰᠠᠶᠢᠬᠠᠨᠲᠠᠯ᠎ᠠ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠠᠢ ᠬᠠᠷᠢᠯᠴᠠᠵᠤ᠂ ᠬᠤᠰᠢᠭᠤ ᠵᠡᠮᠳᠡᠭᠴᠦᠳ ᠤᠨ ᠬᠤᠯᠪᠤᠭᠠᠳᠤ ᠬᠤᠷᠠᠯ ᠤᠨ ᠬᠢᠨ ᠢ ᠵᠣᠬᠢᠴᠠᠭᠤᠯᠤᠨ ᠵᠣᠬᠢᠬᠤ ᠬᠡᠮᠵᠢᠶᠡᠨ ᠤ ᠬᠠᠪᠰᠤᠷᠤᠯᠭ᠎ᠠ ᠦᠵᠡᠭᠦᠯᠬᠦ ᠶᠢ ᠬᠦᠰᠡᠵᠡᠢ᠃ ᠵᠤᠬᠢᠴᠠᠭᠤᠯᠭ᠎ᠠ ᠪᠠᠷ ᠳᠡᠮᠵᠢᠨ᠂ ᠬᠤᠰᠢᠭᠤ ᠵᠡᠮᠳᠡᠭᠴᠦᠳ ᠤᠨ ᠬᠤᠯᠪᠤᠭᠠᠨ ᠤ ᠠᠵᠢᠯᠲᠠᠳ ᠪᠠᠯᠭᠠᠰᠤ ᠪᠠ ᠨᠡᠶᠢᠭᠡᠮ ᠲᠣᠭᠤᠷᠢᠭ ᠤᠨ ᠬᠠᠪᠰᠤᠷᠤᠨ ᠬᠦᠢᠴᠡᠳᠬᠡᠭᠴᠢ ᠲᠠᠢ ᠬᠠᠮᠲᠤ ᠶᠤᠸᠠᠨ ᠨᠠᠰᠤᠳᠠᠨ ᠤ ᠳᠤ ᠬᠦᠷᠴᠦ᠂ ᠳᠡᠬᠦᠨ ᠤ ᠪᠡᠶ᠎ᠡ ᠶᠢᠨ ᠪᠠᠶᠢᠳᠠᠯ ᠢ ᠤᠶᠢᠯᠠᠭᠠᠨ᠂ ᠵᠡᠮᠳᠡᠭ ᠤᠨ ᠦᠨᠡᠮᠯᠡᠯ ᠭᠤᠶᠤᠴᠢᠯᠠᠬᠤ ᠨᠥᠬᠦᠴᠡᠯ᠂ ᠬᠡᠷᠡᠭᠰᠡᠬᠦ ᠮᠠᠲ᠋ᠧᠷᠢᠶᠠᠯ ᠪᠠ ᠭᠥᠷᠳᠡᠵᠦ ᠪᠣᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠳᠣᠷᠬᠠᠶ ᠶᠠᠷᠢᠵᠤ᠂ ᠲᠥᠷᠥ ᠶᠢᠨ ᠪᠣᠳᠣᠯᠭ᠎ᠠ ᠶᠢᠨ ᠤᠶᠢᠯᠠᠭᠠᠯᠳᠠ ᠳᠤᠳᠠᠮᠠᠭ᠂ ᠭᠠᠷ ᠬᠦᠢᠴᠡᠳᠭᠡᠯ ᠪᠦᠷᠢᠨ ᠪᠤᠰᠤ ᠵᠡᠷᠭᠡ ᠰᠢᠯᠲᠠᠭᠠᠨ ᠠᠴᠠ ᠪᠣᠯᠤᠭᠰᠠᠨ ᠠᠷᠠᠳ ᠲᠤ ᠲᠥᠬᠦᠮ ᠦᠵᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠳᠡᠶᠢᠯᠬᠦ ᠥᠬᠡᠶ ᠪᠠᠶᠢᠬᠤ ᠠᠰᠠᠭᠤᠳᠠᠯ ᠢ ᠪᠦᠲᠦᠮᠵᠢᠳᠡᠢ ᠰᠢᠢᠳᠪᠦᠷᠢᠯᠡᠭᠰᠡᠨ ᠪᠠᠶᠢᠨ᠎ᠠ᠃      ᠲᠠᠷᠠᠭᠠᠴᠢ ᠶᠢᠨ ᠠᠯᠬᠤᠮ ᠳᠤ᠂ ᠰᠠᠶᠢᠬᠠᠨᠲᠠᠯ᠎ᠠ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠦᠷᠭᠦᠯᠵᠢᠯᠡᠨ ᠬᠦᠴᠦᠯᠡᠵᠦ᠂ ᠬᠠᠪᠰᠤᠷᠤᠨ ᠬᠦᠢᠴᠡᠳᠭᠡᠬᠦ ᠪᠠ ᠣᠷᠣᠯᠠᠨ ᠬᠦᠢᠴᠡᠳᠬᠡᠬᠦ ᠶᠠᠪᠤᠴᠠ ᠵᠢᠴᠢ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠴᠢᠯᠡᠬᠦ ᠬᠡᠪᠴᠢᠶ᠎ᠡ ᠪᠠᠨ ᠥᠷᠭᠡᠳᠬᠡᠵᠦ᠂ ᠤᠷᠢᠳᠴᠢᠯᠠᠨ ᠦᠢᠯᠡᠴᠢᠯᠡᠵᠦ ︽ᠬᠡᠷ ᠲᠤᠨᠢ ᠬᠦᠷᠴᠦ ᠬᠦᠢᠴᠡᠳᠬᠡᠬᠦ︾ ᠴᠤᠪᠤᠷᠠᠯ ᠢ ᠰᠢᠯᠢᠳᠡᠭᠵᠢᠭᠦᠯᠦᠨ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ︽ᠬᠠᠮᠳᠤᠷᠠᠭᠤᠯᠤᠨ ᠬᠦᠢᠴᠡᠳᠭᠡᠬᠦ︾ ᠠᠵᠢᠯ ᠤᠨ ᠪᠠᠶᠢᠷᠢᠰᠢᠯ ᠢ ᠴᠢᠷᠮᠠᠶᠢᠨ ᠪᠣᠶ ᠪᠣᠯᠭᠠᠵᠤ᠂ ︽ᠪᠠᠭ᠎ᠠ ᠶᠠᠪᠤᠳᠠᠯ ᠢ ᠭᠠᠴᠠᠭ᠎ᠠ ᠳᠤᠰᠬᠤᠨ ︵ᠨᠡᠶᠢᠭᠡᠮ ᠲᠣᠭᠤᠷᠢᠭ︶ ᠠᠴᠠ ᠭᠠᠷᠭᠠᠬᠤ ᠥᠬᠡᠶ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠥᠬᠡᠶ︾ ᠪᠠᠶᠢᠬᠤ ᠶᠢ ᠦᠨᠡᠨ ᠬᠦ ᠪᠡᠶᠡᠯᠡᠬᠦᠯᠵᠦ᠂ ᠥᠷᠭᠡᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠤᠯ ᠵᠢᠷᠭᠠᠯᠲᠤ ᠲᠥᠷᠥᠭᠳᠡᠯ ᠢ ᠴᠢᠷᠮᠠᠶᠢᠨ ᠳᠡᠭᠡᠭᠰᠢᠯᠡᠬᠦᠯᠬᠦ ᠪᠤᠯᠤᠨ᠎ᠠ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号