ᠤᠶᠤᠳᠠᠯ ᠤᠨ ᠤᠷᠠᠨ ᠲᠠᠷᠬᠠᠨ ᠴᠤᠯᠮᠤᠨᠴᠡᠴᠡᠭ
ᠨᠡᠶᠢᠲᠡᠯᠡᠭᠰᠡᠨ ᠴᠠᠭ᠄
2025/5/9
      ᠤᠶᠢᠯᠡ ᠤᠶᠤᠳᠠᠯ ᠢᠶᠠᠷ ᠢᠶᠠᠨ ᠤᠯᠠᠨ ᠤ ᠲᠤᠮᠳᠠ ᠪᠠᠨ ᠤᠨᠴᠠᠯᠢᠭᠳᠠᠵᠦ ᠶᠠᠪᠤᠭ᠎ᠠ ᠴᠤᠯᠮᠤᠨᠴᠡᠴᠡᠭ ᠪᠤᠯ ᠰᠦᠨᠢᠳ ᠪᠠᠷᠠᠭᠤᠨ ᠬᠤᠰᠢᠭᠤᠨ ᠤ ᠰᠠᠶᠢᠬᠠᠨᠳᠠᠯ᠎ᠠ ᠪᠠᠯᠭᠠᠰᠤᠨ ᠳᠠᠬᠢ ︽ᠤᠷᠠᠨ ᠰᠢᠭᠢᠳᠬᠡᠭᠡ︾ ᠮᠤᠩᠭᠤᠯ ᠲᠡᠷᠯᠢᠭ ᠤᠶᠤᠳᠠᠯ ᠤᠨ ᠭᠠᠵᠠᠷ ᠤᠨ ᠡᠵᠡᠨᠳᠡᠨ ᠪᠢᠯᠡ᠃     ᠴᠤᠯᠮᠤᠨᠴᠡᠴᠡᠭ 1994 ᠤᠨ ᠳᠤ ᠦᠨᠳᠦᠷ ᠲᠤᠮᠳᠠᠲᠦ ᠪᠠᠨ ᠲᠡᠭᠦᠰᠦᠭᠰᠡᠨ ᠤ ᠰᠡᠭᠦᠯᠡᠷ ᠡᠵᠢ ᠶᠢᠨ ᠢᠶᠠᠨ ᠤᠷᠠᠨ ᠨᠠᠷᠢᠯᠢᠭ ᠤᠶᠢᠯᠡ ᠤᠶᠤᠳᠠᠯ ᠳᠤ ᠭᠦᠳᠦᠯᠦᠭᠳᠡᠨ᠂ ᠲᠦᠷᠡᠶᠢᠪᠴᠢ ᠤᠶᠤᠬᠤ᠂ ᠵᠡᠬᠦᠤ ᠤᠷᠢᠶᠠᠬᠤ᠂ ᠬᠠᠳᠬᠤᠮᠠᠯ ᠤᠷᠠᠯᠠᠬᠤ ᠵᠡᠷᠭᠡ ᠤᠶᠢᠯᠡ ᠤᠶᠤᠳᠠᠯ ᠤᠨ ᠤᠷ᠎ᠠ ᠮᠡᠷᠭᠡᠵᠢᠯ ᠢ ᠰᠤᠷᠤᠭᠰᠠᠨ ᠮᠦᠷᠳᠡᠭᠡᠨ ᠬᠤᠵᠢᠮ ᠨᠢ ᠲᠤᠰᠬᠠᠢ ᠤᠶᠤᠳᠠᠯ ᠤᠨ ᠪᠠᠭᠰᠢ ᠶᠢ ᠲᠠᠭᠠᠨ ᠰᠤᠷᠤᠯᠴᠠᠵᠦ᠂ 2000 ᠤᠨ ᠳᠤ ᠰᠠᠶᠢᠬᠠᠨᠳᠠᠯ᠎ᠠ ᠪᠠᠯᠭᠠᠰᠤᠨ ᠤ ᠮᠠᠯᠴᠢᠨ ᠵᠡᠭᠡᠯᠢ ᠳᠤ 17 ᠳᠡᠭᠰᠢ ᠲᠦᠷᠪᠡᠯᠵᠢᠨ ᠮᠧᠲᠷ ᠪᠦᠬᠦᠢ ᠵᠢᠵᠢᠭᠭᠡᠨ ᠭᠡᠷ ᠲᠦᠷᠢᠶᠡᠰᠦᠯᠡᠨ᠂ ᠭᠠᠭᠴᠠᠬᠠᠨ ᠤᠶᠤᠳᠠᠯ ᠤᠨ ᠮᠠᠰᠢᠨ ᠪᠠ ᠢᠯᠢᠭᠦᠷ ᠮᠠᠰᠢᠨ ᠲᠠᠢ ︽ᠮᠤᠩᠭᠤᠯ ᠲᠡᠷᠯᠢᠭ ᠤᠨ ᠤᠶᠤᠳᠠᠯ ᠤᠨ ᠭᠠᠵᠠᠷ︾ ᠢᠶᠠᠨ ᠨᠡᠭᠡᠭᠡᠵᠦ᠂ ᠤᠶᠤᠳᠠᠯ ᠤᠶᠢᠯᠡ ᠪᠠᠨ ᠡᠬᠢᠯᠡᠬᠦᠯᠦᠭᠰᠡᠨ ᠪᠢᠯᠡ᠃     ᠲᠡᠭᠦᠨ ᠤ ᠰᠢᠷᠭᠠᠭᠤ ᠴᠢᠷᠮᠠᠶᠢᠯᠭ᠎ᠠ ᠪᠠᠷ ᠮᠤᠩᠭᠤᠯ ᠲᠡᠷᠯᠢᠭ ᠤᠨ ᠮᠠᠶᠢᠮᠠᠢ ᠨᠢ ᠰᠠᠶᠢᠵᠢᠷᠠᠵᠦ᠂ 2005 ᠤᠨ  ᠳᠤ ᠵᠡᠭᠡᠯᠢ ᠨᠢᠭᠤᠷᠯᠠᠭᠰᠠᠨ ᠠᠰᠠᠷ ᠲᠦᠷᠢᠶᠡᠰᠦᠯᠡᠨ ᠮᠤᠩᠭᠤᠯ ᠳᠡᠪᠡᠯ ᠬᠤᠪᠴᠠᠰᠦ ᠪᠠᠨ ᠤᠶᠤᠬᠤ ᠶᠢᠨ ᠳᠠᠭᠠᠤ ᠦᠯᠡᠳᠡᠭᠰᠡᠨ ᠪᠦᠰ ᠲᠤᠷᠭᠠᠨ ᠤ ᠦᠭᠡᠳᠡᠰᠦ ᠪᠠᠷ ᠢᠶᠠᠨ ᠮᠤᠩᠭᠤᠯ ᠬᠡᠤᠬᠡᠯᠲᠠᠢ ᠬᠤᠪᠴᠠᠰᠦ ᠤᠶᠤᠵᠦ ᠤᠷᠠᠯᠠᠨ᠂ ᠮᠠᠰᠢ ᠤᠯᠠᠨ ᠬᠡᠷᠡᠭᠯᠡᠭᠴᠢᠳ ᠤᠨ ᠬᠠᠯᠠᠭᠤᠨ ᠬᠦᠷᠢᠶᠡᠯᠡᠯ ᠢ ᠤᠯᠵᠠᠢ᠃ ᠲᠡᠷᠡᠴᠢᠯᠡᠨ ᠮᠤᠩᠭᠤᠯ ᠬᠡᠤᠬᠡᠯᠲᠠᠢ ᠨᠢ ᠬᠤᠷᠢᠮ ᠨᠠᠶᠢᠷ ᠤᠨ ᠬᠤᠤᠰ ᠬᠦᠮᠦᠨ ᠤ ᠴᠢᠮᠡᠭᠲᠦ ᠵᠠᠰᠠᠯ᠂ ᠲᠡᠷᠭᠡᠨ ᠵᠠᠰᠠᠯ ᠤᠨ ᠭᠤᠶᠤᠯᠠᠯ ᠪᠤᠯᠵᠦ᠂ ᠠᠷᠠᠯᠵᠢᠶ᠎ᠠ ᠨᠢ ᠨᠡᠩ ᠶᠡᠭᠡ ᠪᠠᠷ ᠦᠷᠭᠡᠵᠢᠭᠰᠡᠨ ᠪᠢᠯᠡ᠃ ᠲᠡᠷᠡ ᠪᠠᠰᠠ ᠪᠡᠭᠡᠵᠢᠩ᠂ ᠭᠤᠸᠠᠩᠰᠢ᠂ ᠤᠷᠳᠤᠰ᠂ ᠰᠢᠯᠢ ᠶᠢᠨ ᠬᠤᠳᠠ ᠵᠡᠷᠭᠡ ᠭᠠᠵᠠᠷ ᠤᠷᠤᠨ ᠤ ᠵᠢᠭᠤᠯᠴᠢᠯᠠᠯ ᠤᠨ ᠲᠠᠸᠠᠷ ᠤᠨ ᠪᠦᠲᠦᠭᠡᠭᠳᠡᠬᠦᠨ ᠤ ᠳᠡᠯᠭᠡᠨ ᠦᠵᠡᠬᠦᠯᠭᠡ ᠳᠤ ᠤᠷᠢᠭᠳᠠᠨ ᠤᠷᠤᠯᠴᠠᠵᠦ᠂ ᠦᠨᠳᠦᠰᠦᠳᠡᠨ ᠤ ᠬᠤᠪᠴᠠᠰᠦ ᠵᠠᠰᠠᠯ ᠢᠶᠠᠨ ᠨᠡᠩ ᠤᠯᠠᠨ ᠬᠦᠮᠦᠰ ᠲᠤ ᠤᠶᠢᠯᠠᠭᠠᠭᠤᠯᠤᠨ ᠲᠠᠨᠢᠯᠴᠠᠭᠤᠯᠤᠭᠰᠠᠨ ᠪᠠᠶᠢᠨ᠎ᠠ᠃     ᠠᠷᠠᠯᠵᠢᠶ᠎ᠠ ᠮᠠᠶᠢᠮᠠᠢ ᠨᠢ ᠰᠠᠶᠢᠨ ᠪᠤᠯᠵᠦ᠂ ᠤᠷᠤᠯᠭ᠎ᠠ ᠦᠨᠳᠦᠷ ᠪᠤᠯᠵᠦ ᠢᠷᠡᠬᠦ ᠪᠠᠷ 2008 ᠤᠨ ᠳᠤ 26 ᠲᠦᠮᠡᠨ ᠲᠦᠭᠦᠷᠢᠭ ᠤᠨ ᠪᠡᠯᠡ ᠮᠦᠩᠬᠦ ᠵᠠᠷᠤᠴᠠᠭᠤᠯᠤᠨ᠂ 120 ᠲᠡᠭᠰᠢ ᠲᠦᠷᠪᠡᠯᠵᠢᠨ ᠮᠧᠲᠷ ᠪᠦᠬᠦᠢ ᠲᠠᠯᠠᠪᠠᠢ  ᠲᠠᠢ ᠬᠤᠶᠠᠷ ᠳᠠᠪᠬᠤᠷ ᠠᠰᠠᠷ ᠬᠤᠳᠠᠯᠳᠤᠨ ᠠᠪᠤᠪᠠ᠃ 2014 ᠤᠨ ᠳᠤ᠂ ᠠᠷᠠᠯᠵᠢᠶ᠎ᠠ ᠮᠠᠶᠢᠮᠠᠢ ᠪᠠᠨ ᠦᠷᠭᠡᠳᠬᠡᠵᠦ᠂ ︽ᠴᠤᠯᠮᠤᠨ ᠦᠨᠳᠦᠰᠦᠳᠡᠨ ᠤ ᠬᠤᠪᠴᠠᠰᠦ ᠵᠠᠰᠠᠯ ᠤᠨ ᠬᠢᠵᠠᠭᠠᠷᠲᠦ ᠺᠤᠮᠫᠠᠨᠢ︾ ᠶᠢ ᠪᠠᠶᠢᠭᠤᠯᠤᠨ᠂ ᠤᠶᠢᠯᠡ ᠤᠶᠤᠳᠠᠯ ᠤᠨ ᠮᠠᠰᠢᠨ ᠲᠦᠬᠦᠭᠡᠷᠦᠮᠵᠢ ᠶᠢ ᠢᠵᠢ ᠪᠦᠷᠢᠳᠦᠭᠦᠯᠦᠨ᠂ ᠠᠷᠪᠠᠨ ᠬᠤᠶᠠᠷ ᠠᠵᠢᠯᠳᠠᠨ ᠢ ᠪᠠᠶᠢᠩᠭᠤ ᠶᠢᠨ ᠴᠢᠨᠠᠷ ᠲᠠᠢ ᠠᠵᠢᠯᠯᠠᠭᠤᠯᠪᠠ᠃ ᠦᠪᠡᠷ ᠢᠶᠠᠨ ᠴᠦ ᠰᠦᠨᠢᠳ ᠪᠠᠷᠠᠭᠤᠨ ᠬᠤᠰᠢᠭᠤᠨ ᠤ ᠪᠠᠨ ᠪᠠᠭ᠎ᠠ ᠰᠤᠷᠭᠠᠭᠤᠯᠢ᠂ ᠲᠤᠮᠳᠠᠲᠦ ᠰᠤᠷᠭᠠᠭᠤᠯᠢ ᠳᠤ ᠤᠷᠢᠭᠳᠠᠨ ᠤᠴᠢᠵᠦ᠂ ᠪᠠᠭᠠᠴᠤᠳ ᠬᠡᠤᠬᠡᠳ ᠲᠤ ᠮᠤᠩᠭᠤᠯ ᠲᠡᠷᠯᠢᠭ ᠤᠶᠤᠵᠦ ᠡᠰᠬᠡᠬᠦ ᠬᠢᠴᠢᠶᠠᠯ ᠪᠤᠯᠪᠠᠰᠤᠷᠠᠯ ᠬᠢᠵᠦ ᠦᠪᠯᠡᠨ ᠤᠯᠠᠮᠵᠢᠯᠠᠭᠰᠠᠭᠠᠷ ᠢᠷᠡᠵᠡᠢ᠃ ᠢᠩᠬᠢᠭᠡᠳ ᠰᠦᠨᠢᠳ ᠪᠠᠷᠠᠭᠤᠨ ᠬᠤᠰᠢᠭᠤᠨ ᠤ ᠮᠤᠩᠭᠤᠯ ᠬᠤᠪᠴᠠᠰᠦ ᠵᠠᠰᠠᠯ ᠤᠨ ᠦᠪᠯᠡᠨ ᠤᠯᠠᠮᠵᠢᠯᠠᠭᠴᠢ ᠶᠢᠨ ᠢᠷᠡᠭᠤ ᠠᠯᠳᠠᠷ ᠢ ᠬᠦᠷᠳᠡᠵᠦ᠂ 2024 ᠤᠨ ᠳᠤ᠂ ᠰᠢᠯᠢ ᠶᠢᠨ ᠭᠤᠤᠯ ᠠᠶᠢᠮᠠᠭ ᠤᠨ ᠮᠤᠩᠭᠤᠯ ᠬᠤᠪᠴᠠᠰᠦ ᠵᠠᠰᠠᠯ ᠤᠨ ᠦᠪᠯᠡᠨ ᠤᠯᠠᠮᠵᠢᠯᠠᠭᠴᠢ ᠪᠤᠯᠪᠠ᠃     ᠴᠤᠯᠮᠤᠨᠴᠡᠴᠡᠭ ᠨᠡᠶᠢᠭᠡᠮ ᠨᠡᠶᠢᠳᠡ ᠳᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠶᠢ ᠢᠳᠡᠪᠬᠢᠲᠠᠢ ᠦᠷᠨᠢᠬᠦᠯᠵᠦ᠂ ᠡᠷᠢᠶᠡᠨᠨᠠᠭᠤᠷ ᠰᠤᠮᠤᠨ ᠤ ᠬᠡᠤᠬᠡᠳ ᠤᠨ ᠴᠡᠴᠡᠷᠯᠢᠭ ᠵᠢᠴᠢ ᠰᠠᠶᠢᠬᠠᠠᠠᠦ᠋ᠯᠵᠡᠢ ᠰᠤᠮᠤᠨ ᠤ ᠬᠡᠤᠬᠡᠳ ᠤᠨ ᠴᠡᠴᠡᠷᠯᠢᠭ  ᠤᠨ ᠬᠡᠤᠬᠡᠳ ᠪᠠᠭᠠᠴᠤᠳ ᠪᠦᠷᠢ ᠳᠤ ᠮᠤᠩᠭᠤᠯ ᠲᠡᠷᠯᠢᠭ ᠤᠶᠤᠵᠦ ᠦᠭᠬᠦᠨ᠂ ᠵᠢᠷᠭᠤᠭᠠᠨ ᠰᠠᠷ᠎ᠠ ᠶᠢᠨ ᠨᠢᠭᠡᠨ ᠤ ᠲᠡᠯᠡᠬᠡᠢ ᠶᠢᠨ ᠬᠡᠤᠬᠡᠳ ᠪᠠᠭᠠᠴᠤᠳ ᠤᠨ ᠪᠠᠶᠠᠷ ᠢ ᠬᠠᠮᠲᠦ ᠳᠤ ᠪᠠᠨ ᠦᠩᠭᠡᠷᠡᠭᠡᠵᠦ ᠢᠷᠡᠭᠰᠡᠨ ᠮᠦᠷᠳᠡᠭᠡᠨ ᠮᠤᠩᠭᠤᠯ ᠳᠡᠪᠡᠯ ᠬᠤᠪᠴᠠᠰᠦ ᠤᠶᠤᠵᠦ ᠡᠰᠬᠡᠬᠦ ᠮᠡᠳᠡᠯᠭᠡ ᠮᠡᠷᠭᠡᠵᠢᠯ ᠢᠶᠠᠨ ᠬᠡᠤᠬᠡᠳ ᠪᠠᠭᠠᠴᠤᠳ ᠵᠢᠴᠢ ᠳᠡᠪᠡᠯ ᠬᠤᠪᠴᠠᠰᠦ ᠤᠶᠤᠬᠤ ᠳᠤᠷ᠎ᠠ ᠪᠠᠭ᠋ᠠᠲᠠᠢ ᠵᠠᠯᠠᠭᠤᠴᠤᠳ ᠲᠤ ᠤᠯᠠᠮᠵᠢᠯᠠᠨ ᠵᠢᠭᠠᠬᠤ ᠶᠢ ᠪᠠᠷᠢᠮᠲᠠᠯᠠᠭᠰᠠᠭᠠᠷ ᠢᠷᠡᠪᠡ᠃     ᠤᠶᠤᠳᠠᠯᠴᠢᠨ ᠴᠤᠯᠮᠤᠨᠴᠡᠴᠡᠭ ᠤᠨ ᠡᠨᠡᠬᠦ ᠤᠶᠢᠯᠡ ᠠᠵᠢᠯᠯᠠᠭ᠎ᠠ ᠨᠢ ᠤᠯᠠᠨ ᠲᠦᠮᠡᠨ ᠤ ᠬᠠᠶᠢᠷ᠎ᠠ ᠬᠦᠨᠳᠦᠳᠬᠡᠯ  ᠢ ᠤᠯᠤᠭᠰᠠᠨ ᠢᠶᠠᠷ ᠪᠠᠷᠠᠬᠤ ᠦᠭᠡᠢ ᠨᠠᠮ ᠵᠠᠰᠠᠭ ᠤᠨ ᠦᠨᠳᠦᠷ ᠦᠨᠡᠯᠡᠯᠳᠡ ᠶᠢ ᠬᠦᠷᠳᠡᠵᠦ᠂ ᠪᠦᠬᠦ ᠠᠶᠢᠮᠠᠭ ᠤᠨ ︽ᠰᠢᠯᠢᠳᠡᠭ ᠬᠤᠪᠴᠠᠰᠦ ᠵᠠᠰᠠᠯ ᠤᠨ ᠲᠦᠰᠦᠪᠯᠡᠭᠴᠢ︾᠂ ︽ᠰᠢᠯᠢᠳᠡᠭ ᠤᠶᠤᠳᠠᠯᠴᠢᠨ︾ ᠵᠡᠷᠭᠡ ᠭᠤᠴᠢ ᠭᠠᠷᠤᠢ ᠤᠳᠠᠭᠠᠨ ᠤ ᠱᠠᠩᠨᠠᠯ ᠬᠥᠬᠢᠬᠦᠯᠦᠯ᠂ ᠢᠷᠠᠭᠤ ᠠᠯᠳᠠᠷ ᠢ ᠳᠤᠰᠴᠦ᠂ ᠠᠵᠦ ᠠᠮᠢᠳᠤᠷᠠᠯ᠂ ᠠᠵᠢᠯ ᠤᠶᠢᠯᠡᠰ ᠨᠢ ᠦᠭᠡᠳᠡᠷᠬᠡᠭ᠂ ᠠᠶᠢᠯ ᠭᠡᠷ ᠲᠤᠨᠢ ᠠᠵᠦ ᠵᠢᠷᠭᠠᠯ ᠤᠨ ᠢᠨᠢᠶᠡᠲᠦ ᠪᠠᠶᠠᠷ ᠴᠠᠯᠬᠢᠨ᠎ᠡ᠃
 
ᠢᠷᠡᠯᠲᠡ᠄ ᠰᠦᠨᠢᠳ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号